| 2024 ᠣᠨ ᠤ 1—9 ᠰᠠᠷ᠎ᠠ ᠳᠤ᠂ ᠠᠤᠬᠠᠨ ᠬᠤᠰᠢᠭᠤᠨ ᠤ ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ | ᠮᠥᠩᠭᠦ ᠶᠢ ︽ᠪᠦᠬᠦᠨ ᠳᠤ ᠳᠣᠬᠢᠷᠠᠬᠤ ᠺᠠᠷᠲ︾ ᠢᠶᠠᠷ 44729.91 ᠲᠦᠮᠡᠨ ᠲᠥᠭᠦᠷᠢᠭ ᠲᠠᠷᠬᠠᠭᠠᠵᠤ᠂ | ᠨᠥᠬᠦᠪᠥᠷᠢ ᠶᠢᠨ ᠲᠥᠷᠥᠯ ᠵᠦᠢᠯ ᠨᠢ 10 ᠬᠦᠷᠢᠶᠡᠨ ᠤ 33 ᠲᠥᠷᠥᠯ ᠤᠨ 41 ᠵᠦᠢᠯ ᠳᠤ ᠬᠤᠯᠪᠣᠭᠳᠠᠵᠤ᠂ | ᠠᠰᠢᠭ ᠭᠥᠷᠳᠡᠭᠰᠡᠨ ᠬᠤᠲᠠ ᠬᠥᠳᠡᠭᠡ ᠶᠢᠨ ᠰᠠᠭᠤᠭᠠᠯᠢ ᠠᠷᠠᠳ 115.51 ᠲᠦᠮᠡᠨ ᠬᠥᠮᠦᠨ ︵ᠤᠳᠠᠭ᠎ᠠ︶ | ᠪᠣᠯᠤᠨ᠎ᠠ᠃ | ᠨᠢᠭᠡ᠂ ᠲᠠᠷᠢᠶᠠᠯᠠᠩ ᠤᠨ ᠲᠥᠷᠥᠯ ᠤᠨ ᠨᠥᠬᠦᠪᠥᠷᠢ 16534.49 ᠲᠦᠮᠡᠨ ᠲᠥᠭᠦᠷᠢᠭ᠂ ᠡᠭᠦᠨ ᠳᠤ᠄ | ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ 13799.15 ᠲᠦᠮᠡᠨ ᠲᠥᠭᠦᠷᠢᠭ᠂ | ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ ᠠᠪᠬᠤ ᠨᠥᠬᠦᠪᠥᠷᠢ 2193.64 ᠲᠦᠮᠡᠨ ᠲᠥᠭᠦᠷᠢᠭ᠂ ᠲᠠᠷᠢᠶᠠᠨ | ᠭᠠᠵᠠᠷ ᠢ ᠲᠡᠭᠰᠢᠯᠡᠬᠦ ᠨᠥᠬᠦᠪᠥᠷᠢ 330.000 ᠲᠦᠮᠡᠨ ᠲᠥᠭᠦᠷᠢᠭ᠂ ᠶᠠᠳᠠᠭᠤ ᠶᠢ ᠲᠡᠳᠬᠦᠵᠦ ᠨᠡᠭᠡᠭᠡᠨ | ᠬᠥᠭᠵᠢᠭᠦᠯᠬᠦ ᠢᠨᠵᠧᠨᠧᠷᠢᠩ ᠤᠨ ᠰᠢᠭᠤᠳ ᠡᠷᠦᠬᠡ ᠳᠤ ᠣᠷᠣᠬᠤ ᠲᠥᠷᠥᠯ ᠵᠦᠢᠯ ᠤᠨ ᠪᠠᠯᠠ ᠮᠥᠩᠭᠦ ᠶᠢᠨ | ᠨᠥᠬᠦᠪᠥᠷᠢ 161.99 ᠲᠦᠮᠡᠨ ᠲᠥᠭᠦᠷᠢᠭ ᠪᠣᠯᠤᠨ᠎ᠠ᠃ | ᠬᠤᠶᠠᠷ᠂ ᠮᠠᠯ ᠠᠵᠤ ᠠᠬᠤᠶ ᠶᠢᠨ ᠲᠥᠷᠥᠯ ᠤᠨ ᠨᠥᠬᠦᠪᠥᠷᠢ 295.76 ᠲᠦᠮᠡᠨ ᠲᠥᠭᠦᠷᠢᠭ᠂ ᠡᠭᠦᠨ ᠳᠤ ᠮᠠᠯ | ᠠᠵᠤ ᠠᠬᠤᠶ ᠶᠢᠨ ᠰᠠᠶᠢᠨ ᠡᠭᠦᠯᠳᠡᠷ ᠤᠨ ᠨᠥᠬᠦᠪᠥᠷᠢ 226.23 ᠲᠦᠮᠡᠨ ᠲᠥᠭᠦᠷᠢᠭ᠂ ᠨᠤᠲᠤᠭ ᠪᠡᠯᠴᠢᠭᠡᠷ ᠤᠨ | ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ 69.53 ᠲᠦᠮᠡᠨ ᠲᠥᠭᠦᠷᠢᠭ ᠪᠠᠶᠢᠨ᠎ᠠ᠃ | ᠭᠤᠷᠪᠠ᠂ ᠣᠢ ᠰᠢᠭᠤᠢ ᠶᠢᠨ ᠲᠥᠷᠥᠯ ᠤᠨ ᠨᠥᠬᠦᠪᠦᠷᠢ 1922.10 ᠲᠦᠮᠡᠨ ᠲᠥᠭᠦᠷᠢᠭ᠂ ᠣᠢ | ᠰᠢᠭᠤᠢ ᠶᠢᠨ ᠠᠮᠢ ᠠᠬᠤᠢ ᠶᠢᠨ ᠦᠷ᠎ᠡ ᠠᠰᠢᠭ ᠤᠨ ᠨᠥᠬᠦᠪᠦᠷᠢ ᠪᠣᠯᠣᠨ᠎ᠠ᠃ | ᠳᠥᠷᠪᠡ᠂ ᠰᠤᠷᠭᠠᠨ ᠬᠥᠮᠦᠵᠢᠯ ᠤᠨ ᠲᠥᠷᠥᠯ ᠤᠨ ᠨᠥᠬᠦᠪᠥᠷᠢ 47.70 ᠲᠦᠮᠡᠨ ᠲᠥᠭᠦᠷᠢᠭ᠂ ᠡᠭᠦᠨ ᠳᠤ ︽ | ᠬᠤᠷ᠎ᠠ ᠰᠢᠭᠦᠳᠡᠷᠢ ᠶᠢᠨ ᠲᠥᠯᠥᠪᠯᠡᠭᠡ︾ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠰᠤᠷᠤᠭᠴᠢᠳ ᠤᠨ | ᠨᠦᠬᠦᠪᠦᠷᠢ 47.55 ᠲᠦᠮᠡᠨ ᠲᠥᠭᠦᠷᠢᠭ ᠃ | ᠲᠠᠪᠤ᠂ ᠲᠥᠯᠥᠪᠯᠡᠭᠡᠲᠦ ᠦᠷᠡᠵᠢᠯ ᠤᠨ ᠨᠥᠬᠦᠪᠥᠷᠢ 1769.74 ᠲᠦᠮᠡᠨ ᠲᠥᠭᠦᠷᠢᠭ᠂ ᠡᠭᠦᠨ ᠳᠤ᠄ ᠱᠠᠩᠨᠠᠨ | ᠲᠡᠳᠬᠦᠬᠦ ᠵᠠᠷᠤᠳᠠᠯ 1178.02 ᠲᠦᠮᠡᠨ ᠲᠥᠭᠦᠷᠢᠭ᠂ ᠲᠥᠯᠥᠪᠯᠡᠭᠡᠲᠦ ᠦᠷᠡᠵᠢᠯ ᠤᠨ ᠭᠡᠷ ᠪᠦᠯᠢ ᠶᠢᠨ ᠣᠨᠴᠠᠭᠠᠢ | ᠱᠠᠩᠨᠠᠨ ᠲᠡᠳᠬᠦᠬᠦ ᠨᠥᠬᠦᠪᠥᠷᠢ 561.80 ᠲᠦᠮᠡᠨ ᠲᠥᠭᠦᠷᠢᠭ ᠃ | ᠵᠢᠷᠭᠤᠭ᠎ᠠ᠂ ᠪᠦᠲᠦᠭᠡᠨ ᠪᠠᠶᠢᠭᠤᠯᠤᠯᠲᠠ ᠶᠢᠨ ᠲᠥᠷᠥᠯ ᠤᠨ ᠨᠥᠬᠦᠪᠥᠷᠢ 497.03 ᠲᠦᠮᠡᠨ ᠲᠥᠭᠦᠷᠢᠭ᠂ | ᠡᠭᠦᠨ ᠳᠤ᠄ ᠲᠠᠷᠢᠶᠠᠯᠠᠬᠤ ᠮᠠᠯᠵᠢᠬᠤ ᠣᠷᠣᠨ ᠤ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ | ᠨᠦᠬᠦᠪᠦᠷᠢ 476.33 ᠲᠦᠮᠡᠨ ᠲᠥᠭᠦᠷᠢᠭ᠂ ᠬᠢᠮᠳᠠ ᠲᠦᠷᠢᠶᠡᠰᠦᠲᠦ ᠣᠷᠣᠨ ᠰᠠᠭᠤᠴᠠ ᠶᠢᠨ ᠨᠦᠬᠦᠪᠦᠷᠢ 20. | 70 ᠲᠦᠮᠡᠨ ᠲᠥᠭᠦᠷᠢᠭ ᠃ | ᠳᠣᠯᠤᠭ᠎ᠠ᠂ ᠨᠡᠶᠢᠭᠡᠮ ᠤᠨ ᠪᠠᠲᠤᠯᠠᠭ᠎ᠠ ᠶᠢᠨ ᠲᠥᠷᠥᠯ ᠤᠨ ᠨᠥᠬᠦᠪᠥᠷᠢ 21729.25 ᠲᠦᠮᠡᠨ ᠲᠥᠭᠦᠷᠢᠭ᠂ | ᠡᠭᠦᠨ ᠳᠤ ᠲᠠᠷᠢᠶᠠᠯᠠᠬᠤ ᠮᠠᠯᠵᠢᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠥᠬᠦᠪᠥᠷᠢ | 11109.34 ᠲᠦᠮᠡᠨ ᠲᠥᠭᠦᠷᠢᠭ᠂ ᠬᠤᠲᠠ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠨᠥᠬᠦᠪᠥᠷᠢ 913.55 ᠲᠦᠮᠡᠨ ᠲᠥᠭᠦᠷᠢᠭ᠃ | ᠨᠠᠢᠮᠠ᠂ ᠴᠠᠯᠢᠩ ᠤᠨ ᠨᠥᠬᠦᠪᠥᠷᠢ ᠶᠢᠨ ᠲᠥᠷᠥᠯ ᠤᠨ ᠨᠥᠬᠦᠪᠥᠷᠢ 1933. 84 ᠲᠦᠮᠡᠨ ᠲᠥᠭᠦᠷᠢᠭ ᠪᠠᠶᠢᠵᠤ᠂ | ᠴᠥᠭᠦᠷᠥᠮ ᠤᠨ ᠣᠷᠣᠨ ᠤ ᠨᠡᠭᠦᠳᠡᠯ ᠠᠷᠠᠳ ᠲᠤ ᠨᠥᠬᠦᠪᠥᠷᠢ ᠥᠭᠪᠡ᠃ |