ᠠᠤᠬᠠᠨ ᠬᠤᠰᠢᠭᠤ 2024 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠯᠤᠭ᠎ᠠ ᠪᠦᠲᠦᠮᠵᠢᠲᠡᠢ ᠵᠣᠯᠭᠠᠭᠤᠯᠬᠤ ᠬᠢᠨᠠᠨ ᠰᠢᠯᠭᠠᠵᠤ ᠦᠨᠡᠯᠡᠬᠦ ᠵᠢᠴᠢ ᠫᠠᠶᠢᠰᠠ ᠠᠪᠴᠤ ᠰᠢᠯᠭᠠᠨ ᠠᠪᠬᠤ ᠠᠵᠢᠯ ᠢ ᠠᠬᠢᠭᠤᠯᠬᠤ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2024/10/16
        10 ᠰᠠᠷ᠎ᠠ ᠶᠢᠨ 15 ᠤ ᠡᠳᠦᠷ᠂ ᠠᠤᠬᠠᠨ ᠬᠤᠰᠢᠭᠤ 2024 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠬᠢᠨᠠᠨ ᠰᠢᠯᠭᠠᠵᠤ ᠦᠨᠡᠯᠡᠬᠦ ᠵᠢᠴᠢ ᠫᠠᠶᠢᠰᠠ ᠠᠪᠴᠤ ᠰᠢᠯᠭᠠᠨ ᠠᠪᠬᠤ ᠠᠵᠢᠯ ᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ  ᠬᠤᠷᠠᠯᠳᠤᠪᠠ᠃
C:\Users\Administrator\Desktop\1_副本.jpg
    ᠭᠤᠤᠯ ᠬᠤᠷᠠᠯ ᠤᠨ ᠲᠠᠯᠠᠪᠠᠶ ᠶᠢ ᠬᠤᠰᠢᠭᠤᠨ ᠤ ᠬᠤᠷᠠᠯ ᠤᠨ ᠲᠥᠪ ᠲᠤ ᠳᠣᠭᠢᠷᠠᠭᠤᠯᠵᠤ᠂ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠨᠠᠮ ᠤᠨ ᠬᠤᠷᠢᠶ᠎ᠠ ᠶᠢᠨ ᠭᠤᠤᠯ ᠬᠠᠷᠢᠭᠤᠴᠠᠯᠭᠠᠲᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠳᠤ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠬᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠵᠡᠷᠭᠡ ᠨᠢᠭᠡᠴᠡ ᠶᠢᠨ ᠭᠤᠤᠯ ᠪᠣᠯᠬᠤ ᠪᠠ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ ᠲᠣᠰ ᠤᠳᠠᠭᠠᠨ ᠤ ᠬᠤᠷᠠᠯ ᠨᠢ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠨᠠᠮ ᠵᠠᠰᠠᠭ ᠤᠨ ᠸᠢᠳᠢᠣ᠋ ᠬᠤᠷᠠᠯ ᠤᠨ ᠬᠡᠷ ᠲᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠵᠤ᠂ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠬᠡᠷ ᠤᠨ ᠪᠥᠬᠦ ᠠᠵᠢᠯᠲᠠᠨ᠂ ᠡᠯ᠎ᠡ ᠭᠠᠴᠠᠭ᠎ᠠ ᠲᠣᠰᠬᠤᠨ ᠤ ᠱᠦᠵᠢ᠂ ᠨᠢᠭᠡᠳᠦᠭᠡᠷ ᠱᠦᠵᠢ᠂ ᠲᠣᠰᠬᠤᠨ ᠢ ᠳᠠᠭᠠᠭᠠᠴᠢᠯᠠᠭᠰᠠᠨ ᠠᠵᠢᠯ ᠤᠨ ᠳᠠᠷᠤᠭ᠎ᠠ᠂ ᠲᠠᠩᠰᠠ ᠡᠪᠬᠡᠮᠡᠯ ᠤᠨ ᠠᠵᠢᠯᠲᠠᠳ ᠴᠥᠮ ᠲᠣᠰ ᠲᠣᠰ ᠤᠨ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃
C:\Users\Administrator\Desktop\2_副本.jpg
    ᠬᠤᠷᠠᠯ ᠢ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ  ᠵᠦᠪᠯᠡᠯ ᠤᠨ ᠱᠦᠵᠢ ᠰᠢᠤᠢ ᠵᠢᠶᠠᠨ ᠾᠦᠢ ᠡᠷᠭᠢᠯᠡᠪᠡ᠃ ᠰᠢᠤᠢ ᠵᠢᠶᠠᠨ ᠾᠦᠢ ᠡᠩ ᠲᠡᠷᠢᠭᠦᠨ ᠳᠤ ᠥᠪᠡᠷᠲᠡᠭᠡᠨ ᠵᠠᠰᠠᠬᠤ ᠣᠷᠣᠨ ᠤ 2024 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠯᠤᠭ᠎ᠠ ᠪᠦᠲᠦᠮᠵᠢᠲᠡᠢ ᠵᠣᠯᠭᠠᠭᠤᠯᠵᠤ ᠳᠠᠯᠳᠠᠭᠤᠷ ᠰᠤᠷᠪᠤᠯᠵᠢᠯᠠᠵᠤ ᠢᠯᠡᠷᠡᠭᠦᠯᠦᠭᠰᠡᠨ ᠠᠰᠠᠭᠤᠳᠠᠯ ᠤᠨ ᠪᠠᠶᠢᠳᠠᠯ ᠢ ᠮᠡᠳᠡᠭᠳᠡᠵᠦ᠂ ᠣᠳᠣᠬᠠᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠷᠦᠯᠴᠡᠬᠦ ᠦᠭᠡᠢ ᠲᠠᠯ᠎ᠠ ᠶᠢ ᠵᠢᠭᠠᠵᠤ ᠭᠠᠷᠭᠠᠪᠠ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠠᠷᠤᠭ᠎ᠠ ᠵᠠᠩ ᠬᠤᠩ ᠹᠧᠩ ᠥᠪᠡᠷᠲᠡᠭᠡᠨ ᠵᠠᠰᠠᠬᠤ ᠣᠷᠣᠨ ᠤ ︽2024 ᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠬᠢᠨᠠᠨ ᠰᠢᠯᠭᠠᠵᠤ ᠦᠨᠡᠯᠡᠨ ᠵᠢᠱᠢᠬᠦ ᠶᠢᠨ ᠬᠡᠷᠡᠭᠵᠢᠭᠦᠯᠬᠦ ᠲᠥᠰᠦᠯ︾᠂ ︽2023 ᠣᠨ ᠤ ᠬᠢᠨᠠᠨ ᠰᠢᠯᠭᠠᠵᠤ ᠦᠨᠡᠯᠡᠨ ᠵᠢᠱᠢᠬᠦ ᠠᠵᠢᠯ ᠤᠨ ᠲᠥᠰᠦᠯ︾ ᠢ ᠳᠠᠮᠵᠢᠭᠤᠯᠵᠤ᠂ ᠠᠤᠬᠠᠨ ᠬᠤᠰᠢᠭᠤᠨ ᠤ ︽2024 ᠣᠨ ᠤ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠬᠢᠨᠠᠨ ᠰᠢᠯᠭᠠᠵᠤ ᠦᠨᠡᠯᠡᠨ ᠵᠢᠱᠢᠬᠦ ᠠᠵᠢᠯ ᠤᠨ ᠲᠥᠰᠦᠯ︾ ᠢ ᠨᠠᠷᠢᠨ ᠲᠠᠶᠢᠯᠪᠤᠷᠢᠯᠠᠵᠤ᠂ ᠬᠢᠨᠠᠨ ᠰᠢᠯᠭᠠᠵᠤ ᠦᠨᠡᠯᠡᠨ ᠵᠢᠱᠢᠬᠦ ᠪᠣᠳᠠᠲᠠᠶ ᠪᠠᠷᠢᠮᠵᠢᠶ᠎ᠠ ᠪᠠ ᠠᠵᠢᠯ ᠤᠨ ᠴᠢᠭᠯᠡᠯ ᠢ ᠲᠣᠳᠣᠷᠬᠠᠶᠢᠯᠠᠪᠠ᠃    ᠳᠠᠷᠠᠭ᠎ᠠ ᠨᠢ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶ ᠰᠢᠤᠢ ᠳ᠋ᠦᠩ ᠪᠠᠶᠢᠴᠠᠭᠠᠯᠲᠠ ᠶᠢ ᠤᠭᠲᠤᠬᠤ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠵᠤ᠂ ᠡᠯ᠎ᠡ ᠵᠠᠩᠭᠢᠯᠠᠭ᠎ᠠ ᠶᠢᠨ ᠭᠤᠭᠴᠤᠭ᠎ᠠ ᠠᠴᠠ ᠪᠣᠳᠠᠲᠠᠶ ᠱᠠᠭᠠᠷᠳᠠᠯᠭ᠎ᠠ ᠪᠠ ᠦᠨᠡᠨ ᠬᠦ ᠬᠡᠷᠡᠭᠵᠢᠭᠦᠯᠵᠦ ᠪᠣᠯᠬᠤᠶᠢᠴᠠ ᠠᠷᠭ᠎ᠠ ᠬᠡᠮᠵᠢᠶ᠎ᠡ ᠳᠤᠷᠠᠳᠪᠠ᠃ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠰᠢᠶᠧ ᠢᠦᠢ ᠵᠤᠸᠠᠩ ᠲᠣᠰᠬᠤᠨ ᠳᠤ ᠰᠠᠭᠤᠭ᠎ᠠ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠪᠠᠶᠢᠴᠠᠭᠠᠯᠲᠠ ᠶᠢ ᠤᠭᠲᠤᠬᠤ ᠠᠵᠢᠯ ᠤᠨ ᠳᠤᠮᠳᠠ ᠨᠠᠩ ᠶᠡᠭᠡ ᠦᠢᠯᠡᠳᠦᠯ ᠦᠵᠡᠭᠦᠯᠬᠦ ᠳᠤ ᠵᠢᠯᠣᠭᠤᠳᠣᠯᠭ᠎ᠠ ᠬᠠᠩᠭᠠᠪᠠ᠃ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ ᠫᠠᠩ ᠶᠦᠩ ᠮᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠡᠯ᠎ᠡ ᠵᠦᠢᠯ ᠤᠨ ᠬᠠᠷᠢᠭᠤᠴᠠᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠪᠠ᠃    ᠬᠠᠮᠤᠭ ᠰᠡᠭᠦᠯ ᠳᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ᠂ ᠬᠤᠷᠠᠯ ᠳᠤ ᠣᠷᠣᠯᠴᠠᠭᠰᠠᠨ ᠪᠥᠬᠦ ᠬᠥᠮᠦᠰ ᠡᠷᠬᠡᠪᠰᠢ ᠲᠣᠰ ᠤᠳᠠᠭᠠᠨ ᠤ ᠬᠢᠨᠠᠨ ᠰᠢᠯᠭᠠᠵᠤ ᠦᠨᠡᠯᠡᠨ ᠵᠢᠱᠢᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠠᠵᠢᠯ ᠤᠨ ᠱᠠᠭᠠᠷᠳᠠᠯᠭ᠎ᠠ ᠳᠡᠭᠡᠷ᠎ᠡ ᠦᠨᠡᠨ ᠬᠦ ᠨᠢᠭᠡᠳᠬᠡᠵᠦ᠂ ᠪᠠᠶᠢᠴᠠᠭᠠᠯᠲᠠ ᠶᠢ ᠤᠭᠲᠤᠬᠤ ᠡᠯ᠎ᠡ  ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠤᠬᠠᠨ ᠬᠤᠰᠢᠭᠤᠨ ᠤ ᠬᠢᠨᠠᠨ ᠰᠢᠯᠭᠠᠵᠤ ᠦᠨᠡᠯᠡᠨ ᠵᠢᠱᠢᠬᠦ ᠳᠤᠮᠳᠠ ᠰᠢᠯᠢᠳᠡᠭ ᠬᠢᠷᠢ ᠪᠦᠲᠦᠮᠵᠢ ᠤᠯᠬᠤ ᠶᠢ ᠪᠠᠲᠤᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号