ᠠᠣᠬᠠᠨ ᠬᠤᠰᠢᠭᠤᠨ ᠤ ᠰᠧ ᠳ᠋ᠤᠤ ᠸᠠᠨ ᠽᠢ ᠪᠠᠯᠭᠠᠰᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/10/16
     ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠠᠮᠤᠷ ᠲᠦᠪᠰᠢᠨ ᠲᠣᠭᠲᠠᠭᠤᠨ ᠪᠠᠶᠢᠳᠠᠯ ᠢ ᠪᠥᠬᠦ ᠬᠦᠴᠦᠨ ᠢᠶᠠᠷ ᠢᠶᠠᠨ ᠬᠠᠮᠠᠭᠠᠯᠠᠵᠤ᠂ ᠠᠮᠤᠷ ᠲᠣᠭᠲᠠᠭᠤᠨ ᠡᠶ᠎ᠡ ᠵᠣᠬᠢᠴᠠᠩᠭᠤᠶ ᠰᠤᠷᠭᠠᠭᠤᠯᠢ ᠶᠢᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ ᠣᠶᠢᠷ᠎ᠠ ᠳᠤ᠂ ᠰᠧ ᠳ᠋ᠤᠤ ᠸᠠᠨ ᠽᠢ ᠪᠠᠯᠭᠠᠰᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ᠂ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ᠂ ᠰᠣᠶᠣᠯ ᠤᠨ ᠥᠷᠲᠡᠭᠡ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠥᠷᠲᠡᠭᠡ ᠵᠡᠷᠭᠡ ᠠᠵᠢᠯᠲᠠᠳ ᠢ ᠵᠣᠬᠢᠶᠠᠨ ᠪᠠᠶᠢᠭᠤᠯᠤᠨ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠠᠮᠤᠷ ᠲᠦᠪᠰᠢᠨ ᠤ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠬᠠᠷᠢᠶᠠᠲᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠳᠤ ᠭᠦᠨᠵᠡᠭᠡᠶᠢᠷᠡᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠣᠷᠴᠢᠨ ᠲᠣᠭᠤᠷᠢᠨ ᠢ ᠲᠠᠰᠤᠷᠠᠯᠲᠠ ᠥᠬᠡᠶ ᠴᠡᠪᠡᠷᠰᠢᠭᠦᠯᠪᠡ᠃        ᠠᠵᠢᠯᠯᠠᠭᠠᠨ ᠤ ᠳᠤᠮᠳᠠ᠂ ᠪᠠᠶᠢᠴᠠᠭᠠᠬᠤ ᠳᠤᠭᠤᠶᠢᠯᠠᠩ ᠤᠷᠢᠳ ᠬᠤᠵᠢᠳ ᠬᠠᠷᠢᠶ᠎ᠠ ᠣᠷᠣᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠳᠤ ᠬᠦᠷᠴᠦ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠵᠢᠵᠢᠭ ᠬᠤᠳᠠᠯᠳᠤᠭᠠᠨ ᠤ ᠭᠠᠵᠠᠷ᠂ ᠪᠢᠴᠢᠭ ᠤᠨ ᠬᠡᠷᠡᠭᠰᠡᠯ ᠤᠨ ᠳᠡᠯᠭᠡᠭᠦᠷ᠂ ᠵᠢᠵᠢᠭ ᠢᠳᠡᠭᠡᠨ ᠤ ᠳᠡᠯᠭᠡᠭᠦᠷ ᠵᠡᠷᠭᠡ ᠶᠢ ᠵᠢᠭᠰᠠᠭᠠᠨ ᠪᠠᠶᠢᠴᠠᠭᠠᠪᠠ᠃ ᠵᠢᠵᠢᠭ ᠬᠤᠳᠠᠯᠳᠤᠭᠠᠨ ᠤ ᠭᠠᠵᠠᠷ ᠲᠤ ︽ᠭᠤᠷᠪᠠ ᠥᠬᠡᠶ︾ ᠢᠳᠡᠭᠡᠨ ᠪᠠ ᠬᠠᠭᠤᠷᠮᠠᠭ ᠮᠠᠭᠤ᠂ ᠬᠤᠤᠷ ᠬᠥᠨᠥᠭᠡᠯ᠂ ᠬᠤᠭᠤᠴᠠᠭ᠎ᠠ ᠨᠢ ᠥᠩᠭᠡᠷᠡᠭᠰᠡᠨ᠂ ᠴᠢᠨᠠᠷ ᠬᠤᠪᠢᠷᠬᠠᠰᠠᠨ ᠵᠡᠷᠭᠡ ᠬᠢᠷᠢ ᠲᠡᠩᠴᠡᠭᠰᠡᠨ ᠥᠬᠡᠶ ᠦᠢᠯᠡᠳᠬᠦᠨ ᠪᠠᠶᠢᠬᠤ ᠡᠰᠡᠬᠦ ᠶᠢ ᠪᠠᠶᠢᠴᠠᠭᠠᠨ ᠦᠵᠡᠬᠦ ᠶᠢᠨ ᠬᠠᠮᠲᠤ᠂ ᠵᠢᠵᠢᠭ ᠢᠳᠡᠭᠡᠨ ᠤ ᠳᠡᠯᠭᠡᠭᠦᠷ ᠤᠨ ᠭᠡᠷᠡᠴᠢ ᠦᠨᠡᠮᠯᠡᠯ ᠵᠢᠴᠢ ᠠᠵᠢᠯᠲᠠᠨ ᠤ ᠡᠷᠡᠭᠦᠯ ᠮᠡᠨᠳᠦ ᠶᠢᠨ ᠦᠨᠡᠮᠯᠡᠯ᠂ ᠦᠨᠡᠮᠯᠡᠯ ᠠᠪᠬᠤ ᠵᠢᠴᠢ ᠥᠯᠢᠭᠡᠷ ᠦᠯᠡᠳᠡᠭᠡᠬᠦ ᠵᠡᠷᠭᠡ ᠠᠵᠢᠯ ᠤᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠦᠵᠡᠪᠡ᠃ ᠪᠢᠴᠢᠭ ᠤᠨ ᠬᠡᠷᠡᠭᠰᠡᠯ ᠤᠨ ᠳᠡᠯᠭᠡᠭᠦᠷ᠂ ᠨᠣᠮ ᠤᠨ ᠳᠡᠯᠭᠡᠭᠦᠷ᠂ ᠲᠣᠭᠯᠠᠭᠠᠮ ᠤᠨ ᠳᠡᠯᠭᠡᠭᠦᠷ ᠵᠡᠷᠭᠡ  ᠬᠤᠳᠠᠯᠳᠤᠭᠠᠯᠠᠭᠰᠠᠨ ᠬᠡᠪᠯᠡᠭᠳᠡᠬᠦᠨ᠂ ᠬᠡᠪᠯᠡᠭᠳᠡᠭᠦᠨ᠂ ᠲᠣᠭᠯᠠᠭᠠᠮ ᠤᠨ ᠺᠠᠷᠲ ᠵᠡᠷᠭᠡ ᠳᠤ  ᠬᠤᠣᠷ ᠬᠦᠨᠦᠭᠡᠯ ᠤᠨ ᠦᠳᠦᠭᠡᠯᠭᠡ᠂ ᠰᠤᠷᠭᠠᠭᠤᠯᠢ ᠶᠢᠨ ᠬᠦᠷᠢᠶᠡᠨ ᠤ ᠬᠦᠴᠦᠷᠬᠡᠭᠯᠡᠯ ᠵᠡᠷᠭᠡ ᠬᠤᠣᠷ ᠬᠥᠨᠥᠭᠡᠯ ᠲᠠᠢ ᠮᠡᠳᠡᠭᠡ ᠵᠠᠩᠭᠢ ᠠᠭᠤᠯᠤᠭᠳᠠᠵᠤ ᠪᠠᠶᠢᠬᠤ ᠡᠰᠡᠬᠦ ᠶᠢ ᠪᠠᠶᠢᠴᠠᠭᠠᠪᠠ᠃ ᠨᠠᠰᠤᠨ ᠳᠤ ᠥᠯᠥ ᠭᠦᠷᠦᠭᠰᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠬᠠᠷᠰᠢᠯᠠᠬᠤ ᠠᠭᠤᠯᠭ᠎ᠠ ᠲᠠᠢ ᠬᠡᠪᠯᠡᠭᠳᠡᠬᠦᠨ ᠵᠢᠴᠢ ᠮᠡᠳᠡᠭᠡ ᠵᠠᠩᠭᠢ ᠶᠢ ᠵᠢᠭᠰᠠᠭᠠᠨ ᠪᠠᠶᠢᠴᠠᠭᠠᠵᠤ᠂ ᠵᠢᠭᠰᠠᠭᠠᠨ ᠪᠠᠶᠢᠴᠠᠭᠠᠵᠤ ᠭᠠᠷᠭᠠᠭᠰᠠᠨ ᠡᠯ᠎ᠡ ᠵᠦᠢᠯ ᠤᠨ ᠠᠮᠤᠷ ᠲᠦᠪᠰᠢᠨ ᠤ ᠳᠠᠯᠳᠠ ᠬᠡᠮ ᠢ ᠲᠤᠰᠬᠠᠶ ᠬᠥᠮᠦᠨ ᠢᠶᠠᠷ ᠬᠠᠷᠢᠭᠤᠴᠠᠭᠤᠯᠤᠨ ᠴᠡᠭᠴᠡᠯᠡᠨ ᠰᠠᠶᠢᠵᠢᠷᠠᠭᠤᠯᠵᠤ᠂ ᠣᠷᠣᠰᠢᠵᠤ ᠪᠠᠶᠢᠭ᠎ᠠ ᠠᠰᠠᠭᠤᠳᠠᠯ ᠳᠤ ᠲᠡᠷᠡ ᠳᠠᠷᠤᠶ ᠳᠤᠨᠢ ᠴᠡᠭᠴᠡᠯᠡᠨ ᠰᠠᠶᠢᠵᠢᠷᠠᠭᠤᠯᠬᠤ ᠰᠠᠨᠠᠯ ᠵᠢᠴᠢ ᠬᠡᠷᠡᠭᠵᠢᠭᠦᠯᠬᠦ ᠲᠥᠰᠦᠯ ᠳᠤᠷᠠᠳᠪᠠ᠃ ᠲᠡᠷᠡᠴᠢᠯᠡᠨ ᠨᠠᠰᠢ ᠴᠠᠰᠢ ᠶᠠᠪᠤᠵᠤ ᠪᠠᠶᠢᠭ᠎ᠠ ᠣᠯᠠᠨ ᠲᠦᠮᠡᠨ ᠳᠤ ᠢᠳᠡᠭᠡᠨ ᠤ ᠠᠮᠤᠷ ᠲᠦᠪᠰᠢᠨ᠂ ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠵᠡᠷᠭᠡ ᠬᠠᠮᠢᠶ᠎ᠠ ᠪᠥᠬᠦᠶ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠪᠠ᠃        ᠲᠠᠷᠠᠭᠠᠴᠢ ᠶᠢᠨ ᠠᠯᠬᠤᠮ ᠳᠤ᠂ ᠰᠤᠷᠭᠠᠭᠤᠯᠢ ᠶᠢᠨ ᠡᠷᠬᠢᠨ ᠲᠣᠭᠤᠷᠢᠨ ᠤ ᠠᠮᠤᠷ ᠲᠦᠪᠰᠢᠨ ᠵᠢᠴᠢ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠣᠷᠴᠢᠨ ᠲᠣᠭᠤᠷᠢᠨ ᠢ ᠦᠷᠭᠦᠯᠵᠢᠯᠡᠨ ᠴᠡᠭᠴᠡᠯᠡᠨ ᠵᠠᠰᠠᠵᠤ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠠᠮᠤᠷ ᠲᠦᠪᠰᠢᠨ ᠢ ᠤᠬᠠᠭᠤᠯᠵᠤ ᠲᠣᠭᠤᠷᠢᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠠᠮᠤᠷ ᠲᠦᠪᠰᠢᠨ ᠵᠢᠴᠢ ᠣᠷᠴᠢᠨ ᠲᠣᠭᠤᠷᠢᠨ ᠤ ᠡᠷᠡᠭᠦᠯ ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠨ᠎ᠠ᠃ 
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号