ᠠᠯᠠᠱᠠ ᠠᠶᠢᠮᠠᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠢᠨ ᠰᠢᠶᠠ ᠸᠠ ᠪᠠᠯᠭᠠᠰᠤᠨ ᠳᠤ ᠬᠦᠷᠴᠦ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢᠨ ᠠᠵᠢᠯ ᠢ ᠲᠣᠭᠤᠷᠢᠨ ᠦᠵᠡᠵᠦ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/10/21
      ᠣᠶᠢᠷ᠎ᠠ ᠳᠤ᠂ ᠠᠯᠠᠱᠠ ᠠᠶᠢᠮᠠᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠭᠤᠣᠯ ᠤᠳᠤᠷᠢᠳᠤᠯᠭ᠎ᠠ ᠪᠦᠯᠬᠦᠮ ᠳᠠᠭᠠᠭᠤᠯᠤᠨ ᠮᠠᠨ ᠤ ᠪᠠᠯᠭᠠᠰᠤᠨ ᠳᠤ ᠢᠷᠡᠵᠦ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠠ ᠲᠠᠷᠢᠶᠠᠯᠠᠩ ᠳᠤ ᠦᠢᠯᠡᠴᠢᠯᠡᠬᠦ ᠺᠣᠮᠫᠠᠨᠢ ᠶᠢᠨ ᠡᠵᠡᠩᠨᠡᠯᠲᠡ ᠬᠠᠮᠢᠶᠠᠷᠤᠯᠲᠠ ᠵᠡᠷᠭᠡ ᠠᠵᠢᠯ ᠢ ᠲᠣᠭᠤᠷᠢᠨ ᠦᠵᠡᠪᠡ᠃ ᠤᠯᠠᠭᠠᠨᠬᠠᠳᠠ ᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠤᠳᠤᠷᠢᠳᠬᠤ ᠨᠥᠬᠦᠳ᠂ ᠰᠢᠶᠠ ᠸᠠ ᠪᠠᠯᠭᠠᠰᠤᠨ ᠤ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠪᠠᠷ᠎ᠠ ᠪᠣᠯᠪᠠ᠃    ᠰᠢᠶᠠ ᠸᠠ ᠪᠠᠯᠭᠠᠰᠤᠨ ᠤ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠠᠯᠠᠱᠠ ᠠᠶᠢᠮᠠᠭ ᠤᠨ ᠪᠠᠶᠢᠴᠠᠭᠠᠨ ᠰᠤᠳᠤᠯᠬᠤ ᠳᠤᠭᠤᠶᠢᠯᠠᠩ᠂ ᠤᠯᠠᠭᠠᠨᠬᠠᠳᠠ ᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠤᠳᠤᠷᠢᠳᠤᠯᠭ᠎ᠠ ᠳᠤ ᠪᠠᠷ᠎ᠠ ᠪᠣᠯᠵᠤ ᠲᠠᠷᠢᠶᠠᠯᠠᠩ ᠳᠤ ᠦᠢᠯᠡᠴᠢᠯᠡᠬᠦ ᠺᠣᠮᠫᠠᠨᠢ ᠶᠢᠨ ᠠᠯᠪᠠᠯᠠᠬᠤ ᠦᠢᠯᠡᠴᠢᠯᠡᠭᠡᠨ ᠤ ᠲᠣᠭᠤᠷᠢᠭ᠂ ᠦᠢᠯᠡᠳᠬᠦᠨ ᠤ ᠳᠡᠯᠭᠡᠨ ᠦᠵᠡᠭᠦᠯᠬᠦ ᠲᠣᠭᠤᠷᠢᠭ ᠢ ᠲᠣᠭᠤᠷᠢᠨ ᠦᠵᠡᠵᠦ᠂ ᠲᠣᠭᠤᠷᠢᠨ ᠪᠠᠶᠢᠴᠠᠭᠠᠬᠤ ᠳᠤᠭᠤᠶᠢᠯᠠᠩ ᠪᠠᠯᠭᠠᠰᠤᠨ ᠤ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠲᠦᠴᠡ ᠪᠠ ᠡᠵᠡᠩᠨᠡᠯᠲᠡ ᠬᠠᠮᠢᠶᠠᠷᠤᠯᠲᠠ ᠶᠢᠨ ᠪᠠᠶᠢᠳᠠᠯ ᠢ ᠭᠦᠨᠵᠡᠭᠡᠶ ᠣᠶᠢᠯᠠᠭᠠᠵᠤ᠂ ᠰᠢᠶᠠ ᠸᠠ ᠪᠠᠯᠭᠠᠰᠤᠨ ᠤ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠠᠴᠠ ᠲᠠᠷᠢᠶᠠᠯᠠᠩ ᠳᠤ ᠦᠢᠯᠡᠴᠢᠯᠡᠬᠦ ᠺᠣᠮᠫᠠᠨᠢ ᠶᠢᠨ ᠣᠶᠢᠷ᠎ᠠ ᠶᠢᠨ ᠬᠡᠳᠦᠨ ᠵᠢᠯ ᠤᠨ ᠡᠵᠡᠩᠨᠡᠯᠲᠡ ᠶᠢᠨ ᠠᠮᠵᠢᠯᠲᠠ ᠪᠦᠲᠦᠮᠵᠢ᠂ ᠦᠷ᠎ᠡ ᠠᠰᠢᠭ ᠢ ᠳᠠᠶᠢᠴᠢᠯᠠᠬᠤ᠂ ᠨᠠᠷᠠᠲᠤ ᠲᠥᠷᠥᠯ ᠲᠡᠮᠳᠡᠭᠲᠦ ᠶᠢᠨ ᠴᠣᠭᠴᠠᠯᠠᠯᠲᠠ᠂ ᠢᠲᠡᠭᠡᠮᠵᠢ ᠶᠢᠨ ᠬᠠᠮᠲᠤᠷᠠᠯᠴᠠᠭ᠎ᠠ᠂ ᠲᠠᠷᠢᠶᠠᠴᠢᠳ ᠤᠨ ᠬᠤᠯᠪᠣᠭᠠᠲᠤ ᠲᠠᠷᠢᠶᠠᠯᠠᠩ ᠤᠨ ᠦᠢᠯᠡᠴᠢᠯᠡᠭᠡ ᠶᠢ ᠳᠠᠶᠢᠴᠢᠯᠠᠬᠤ ᠵᠡᠷᠭᠡ ᠪᠠᠶᠢᠳᠠᠯ ᠢ ᠨᠠᠷᠢᠨ ᠲᠠᠨᠢᠯᠴᠠᠭᠤᠯᠬᠤ ᠶᠢᠨ ᠬᠠᠮᠲᠤ ᠠᠯᠠᠱᠠ ᠠᠶᠢᠮᠠᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠭᠤᠣᠯ ᠤᠳᠤᠷᠢᠳᠤᠯᠭ᠎ᠠ᠂ ᠤᠯᠠᠭᠠᠨᠬᠠᠳᠠ ᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠤᠳᠤᠷᠢᠳᠤᠯᠭ᠎ᠠ ᠲᠠᠢ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢᠨ ᠲᠤᠬᠠᠶ ᠨᠠᠷᠢᠨ ᠨᠢᠮᠪᠠᠶ ᠰᠠᠨᠠᠯ ᠢᠶᠠᠨ ᠰᠣᠯᠢᠯᠴᠠᠵᠤ᠂ ᠡᠯ᠎ᠡ ᠤᠳᠤᠷᠢᠳᠤᠯᠭ᠎ᠠ ᠰᠢᠶᠠ ᠸᠠ ᠪᠠᠯᠭᠠᠰᠤᠨ ᠤ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢᠨ ᠲᠤᠬᠠᠶ ᠡᠷᠬᠢᠮ ᠨᠠᠨᠳᠢᠨ ᠰᠠᠨᠠᠯ ᠰᠠᠨᠠᠭᠤᠯᠭ᠎ᠠ ᠳᠤᠷᠠᠳᠴᠤ᠂ ᠲᠠᠷᠠᠭᠠᠴᠢ ᠶᠢᠨ ᠠᠯᠬᠤᠮ ᠳᠤ ᠠᠵᠢᠯ ᠤᠨ ᠬᠠᠷᠠᠭ᠎ᠠ ᠪᠠᠨ ᠥᠷᠭᠡᠳᠬᠡᠵᠦ᠂ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠵᠦ᠂ ᠺᠣᠮᠫᠠᠨᠢ ᠶᠢᠨ ᠡᠵᠡᠩᠨᠡᠯᠲᠡ ᠶᠢ ᠰᠢᠯᠢᠳᠡᠭᠵᠢᠭᠦᠯᠬᠦ ᠳᠤ ᠴᠢᠭᠯᠡᠯ ᠢ ᠲᠣᠳᠣᠷᠬᠠᠶ ᠵᠢᠭᠠᠵᠤ ᠥᠭᠴᠡᠶ᠃    ᠠᠯᠠᠱᠠ ᠠᠶᠢᠮᠠᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠭᠤᠣᠯ ᠤᠳᠤᠷᠢᠳᠤᠯᠭ᠎ᠠ ᠮᠠᠨ ᠤ ᠪᠠᠯᠭᠠᠰᠤᠨ ᠤ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠠᠵᠢᠯ ᠢ ᠭᠦᠢᠴᠡᠳ ᠨᠤᠲᠠᠯᠠᠵᠤ᠂ ᠲᠣᠰ ᠤᠳᠠᠭᠠᠨ ᠤ ᠰᠢᠨᠵᠢᠯᠡᠨ ᠪᠠᠶᠢᠴᠠᠭᠠᠯᠲᠠ ᠰᠣᠯᠢᠯᠴᠠᠭ᠎ᠠ ᠪᠠᠷ ᠠᠵᠠ ᠲᠣᠬᠢᠶᠠᠯ ᠪᠣᠯᠭᠠᠵᠤ᠂ ᠰᠣᠯᠢᠯᠴᠠᠭ᠎ᠠ ᠪᠠᠨ ᠦᠷᠭᠦᠯᠵᠢᠯᠡᠨ ᠨᠡᠮᠡᠭᠳᠡᠭᠦᠯᠵᠦ᠂ ᠬᠠᠮᠲᠤᠷᠠᠯᠴᠠᠭ᠎ᠠ ᠪᠠᠨ ᠲᠠᠰᠤᠷᠠᠯᠲᠠ ᠥᠬᠡᠶ ᠭᠦᠨᠵᠡᠭᠡᠶᠢᠷᠡᠭᠦᠯᠦᠨ᠂ ᠬᠥᠳᠡᠭᠡ ᠠᠵᠤ ᠠᠬᠤᠶ ᠳᠤ ᠦᠢᠯᠡᠴᠢᠯᠡᠬᠦ ᠴᠢᠳᠠᠪᠤᠷᠢ ᠪᠠᠨ ᠬᠠᠮᠲᠤᠪᠠᠷ ᠰᠦᠪᠡᠭᠴᠢᠯᠡᠨ ᠳᠡᠭᠡᠭᠰᠢᠯᠡᠭᠦᠯᠵᠦ᠂ ᠬᠠᠩᠭᠠᠨ ᠪᠣᠷᠣᠯᠠᠭᠤᠯᠬᠤ ᠬᠠᠮᠲᠤᠷᠠᠯᠴᠠᠭᠠᠨ ᠤ ᠦᠢᠯᠡᠰ ᠤᠨ ᠰᠠᠶᠢᠨ ᠰᠠᠶᠢᠬᠠᠨ ᠢᠷᠡᠭᠡᠳᠦᠶ ᠶᠢ ᠬᠠᠮᠲᠤ ᠪᠠᠷ ᠴᠣᠭᠴᠠᠯᠠᠨ᠎ᠠ ᠭᠡᠵᠦ ᠢᠯᠡᠷᠬᠡᠶᠢᠯᠡᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号