| 10 ᠰᠠᠷ᠎ᠠ ᠶᠢᠨ 10 ᠤ ᠡᠳᠦᠷ ᠠᠴᠠ 11 ᠤ ᠡᠳᠦᠷ ᠪᠣᠯᠲᠠᠯ᠎ᠠ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠸᠧᠶ ᠴᠠᠩ ᠴᠦᠨ ᠨᠡᠷ ᠮᠠᠨ ᠤ ᠬᠤᠰᠢᠭᠤᠨ ᠳᠤ ᠢᠷᠡᠵᠦ᠂ ᠨᠢᠭᠲᠠ | ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ | ᠠᠬᠢᠭᠤᠯᠤᠭᠰᠠᠨ ᠪᠠᠶᠢᠳᠠᠯ ᠤᠨ ᠲᠤᠬᠠᠶ ᠲᠤᠬᠠᠶ ᠶᠢᠨ ᠲᠠᠯᠠᠪᠤᠷ ᠤᠨ ᠬᠢᠨᠠᠨ ᠰᠢᠯᠭᠠᠯᠲᠠ ᠦᠨᠡᠯᠡᠯᠲᠡ ᠬᠢᠪᠠ᠃ | ᠲᠣᠰ ᠤᠳᠠᠭᠠᠨ ᠤ ᠬᠢᠨᠠᠨ ᠰᠢᠯᠭᠠᠵᠤ ᠦᠨᠡᠯᠡᠨ ᠵᠢᠱᠢᠬᠦ ᠶᠢ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ | ᠡᠮᠴᠢᠯᠡᠭᠡᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠥᠷᠪᠡᠨ ᠶᠡᠭᠡ ᠬᠡᠰᠡᠭ ᠲᠤ ᠲᠥᠪᠯᠡᠷᠡᠭᠦᠯᠪᠡ᠂ ᠲᠤᠬᠠᠶᠢᠯᠠᠪᠠᠯ | ᠬᠠᠷᠢᠭᠤᠴᠠᠯᠭ᠎ᠠ ᠶᠢᠨ ᠬᠠᠮᠲᠤ ᠶᠢᠨ ᠴᠣᠭᠴᠠ᠂ ᠬᠠᠮᠢᠶᠠᠷᠤᠯᠲᠠ ᠶᠢᠨ ᠬᠠᠮᠲᠤ ᠶᠢᠨ ᠴᠣᠭᠴᠠ᠂ ᠦᠢᠯᠡᠴᠢᠯᠡᠭᠡᠨ ᠤ | ᠬᠠᠮᠲᠤ ᠶᠢᠨ ᠴᠣᠭᠴᠠ᠂ ᠠᠰᠢᠭ ᠲᠤᠰᠠ ᠶᠢᠨ ᠬᠠᠮᠲᠤ ᠶᠢᠨ ᠴᠣᠭᠴᠠ ᠪᠣᠯᠤᠨ᠎ᠠ᠃ ᠡᠭᠦᠨ ᠳᠤ ᠡᠪᠡᠳᠴᠢᠲᠡᠨ ᠡᠮᠬᠢ | ᠵᠢᠷᠤᠮ ᠲᠠᠢ ᠪᠠᠷ ᠰᠢᠯᠵᠢᠭᠦᠯᠦᠨ ᠡᠮᠨᠡᠬᠦ᠂ ᠠᠵᠢᠯᠲᠠᠨ ᠢ ᠨᠢᠭᠡᠳᠦᠯᠲᠡᠶ ᠲᠥᠯᠥᠪᠯᠡᠨ ᠬᠠᠮᠢᠶᠠᠷᠬᠤ᠂ ᠮᠡᠳᠡᠭᠡ ᠵᠠᠩᠭᠢ ᠶᠢᠨ | ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ ᠶᠢᠨ | ᠥᠭᠡᠷᠡᠴᠢᠯᠡᠯᠲᠡ ᠵᠡᠷᠭᠡ ᠴᠢᠬᠤᠯᠠ ᠠᠭᠤᠯᠭ᠎ᠠ ᠶᠢ ᠪᠠᠭᠲᠠᠭᠠᠭᠰᠠᠨ 11 ᠪᠣᠳᠠᠲᠠᠶ ᠵᠦᠢᠯᠡᠰ ᠢ ᠬᠠᠮᠤᠷᠴᠠᠶ᠃ | ᠦᠨᠡᠯᠡᠨ ᠵᠢᠱᠢᠬᠦ ᠳᠤᠭᠤᠶᠢᠯᠠᠩ ᠨᠢ ᠡᠬᠢ ᠪᠠᠶᠠᠯᠢᠭ ᠤᠨ ᠲᠣᠬᠢᠷᠠᠭᠤᠯᠤᠯᠲᠠ ᠶᠢ ᠬᠡᠷᠬᠢᠨ ᠰᠢᠯᠢᠳᠡᠭᠵᠢᠭᠦᠯᠬᠦ᠂ | ᠦᠨᠳᠦᠰᠦᠨ ᠱᠠᠲᠤᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ᠂ ᠡᠮᠴᠢᠯᠡᠭᠡᠨ ᠤ ᠬᠠᠮᠲᠤ ᠶᠢᠨ | ᠴᠣᠭᠴᠠ ᠶᠢᠨ ᠡᠮᠴᠢᠯᠡᠭᠡᠨ ᠤ ᠶᠠᠰᠤ ᠴᠢᠨᠠᠷ ᠢ ᠢᠵᠢᠯᠢᠰᠢᠭᠦᠯᠬᠦ ᠬᠠᠮᠢᠶᠠᠷᠤᠯᠲᠠ ᠵᠢᠴᠢ ᠨᠢᠭᠲᠠ ᠬᠡᠯᠪᠡᠷᠢ ᠶᠢᠨ | ᠡᠮᠴᠢᠯᠡᠭᠡᠨ ᠤ ᠬᠠᠮᠲᠤ ᠶᠢᠨ ᠴᠣᠭᠴᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ | ᠪᠣᠳᠠᠲᠠᠶ ᠱᠠᠭᠠᠷᠳᠠᠯᠭ᠎ᠠ ᠪᠠ ᠵᠢᠯᠣᠭᠤᠳᠬᠤ ᠰᠠᠨᠠᠯ ᠳᠤᠷᠠᠳᠪᠠ᠃ ᠡᠭᠦᠨ ᠤ ᠬᠠᠮᠲᠤ᠂ ᠲᠣᠰ ᠤᠳᠠᠭᠠᠨ ᠤ ᠲᠤᠬᠠᠶ ᠶᠢᠨ | ᠭᠠᠵᠠᠷ ᠲᠤᠨᠢ ᠦᠨᠡᠯᠡᠯᠲᠡ ᠬᠢᠬᠦ ᠶᠠᠪᠤᠴᠠ ᠳᠤ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢ ᠬᠢᠵᠠᠭᠠᠷᠯᠠᠵᠤ ᠪᠠᠶᠢᠭ᠎ᠠ ᠠᠰᠠᠭᠤᠳᠠᠯ ᠢ ᠣᠯᠵᠤ ᠮᠡᠳᠡᠪᠡᠯ ᠴᠤᠭᠯᠠᠭᠤᠯᠤᠨ ᠬᠠᠷᠢᠭᠤ ᠲᠤᠰᠬᠠᠵᠤ᠂ | ᠪᠥᠬᠦ ᠬᠤᠲᠠ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ | ᠦᠷᠭᠦᠯᠵᠢᠯᠡᠨ ᠬᠥᠭᠵᠢᠬᠦ ᠶᠢ ᠠᠬᠢᠭᠤᠯᠵᠤ᠂ ᠠᠷᠠᠳ ᠣᠯᠠᠨ ᠳᠤ ᠡᠮᠴᠢᠯᠡᠭᠡᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢᠨ ᠠᠪᠴᠢᠷᠠᠭᠰᠠᠨ ᠪᠣᠳᠠᠲᠤ ᠠᠰᠢᠭ ᠪᠠ ᠲᠥᠬᠦᠮ ᠨᠥᠬᠦᠴᠡᠯ ᠢ ᠦᠨᠡᠨ ᠬᠦ ᠮᠡᠳᠡᠷᠡᠭᠦᠯᠬᠦ ᠪᠣᠯᠤᠨ᠎ᠠ | ᠭᠡᠵᠦ ᠢᠯᠡᠳᠬᠡᠪᠡ᠃ | ᠲᠣᠰ ᠤᠳᠠᠭᠠᠨ ᠤ ᠬᠢᠨᠠᠨ ᠰᠢᠯᠭᠠᠵᠤ ᠦᠨᠡᠯᠡᠨ ᠵᠢᠱᠢᠬᠦ ᠠᠵᠢᠯ ᠪᠣᠯ ᠮᠠᠨ ᠤ ᠬᠤᠰᠢᠭᠤᠨ ᠤ ᠣᠳᠣᠬᠢ ᠱᠠᠲᠤᠨ ᠤ | ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠠᠵᠢᠯ ᠤᠨ ᠨᠢᠭᠡ ᠤᠳᠠᠭᠠᠨ ᠤ ᠪᠠᠶᠢᠴᠠᠭᠠᠨ ᠦᠵᠡᠬᠦ | ᠪᠠ ᠬᠢᠨᠠᠨ ᠦᠵᠡᠬᠦ ᠶᠠᠪᠤᠳᠠᠯ ᠪᠣᠯᠤᠨ᠎ᠠ᠂ ᠨᠠᠩ ᠴᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ | ᠠᠵᠢᠯ ᠤᠨ ᠤᠯᠠᠮ ᠨᠢᠭᠡ ᠠᠯᠬᠤᠮ ᠬᠥᠭᠵᠢᠬᠦ ᠪᠠ ᠳᠡᠭᠡᠭᠰᠢᠯᠡᠬᠦ ᠶᠢᠨ ᠴᠢᠬᠤᠯᠠ ᠠᠵᠠ ᠲᠣᠬᠢᠶᠠᠯ ᠪᠣᠯᠤᠨ᠎ᠠ᠃ | ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠣᠰ ᠤᠳᠠᠭᠠᠨ ᠤ ᠦᠨᠡᠯᠡᠨ ᠵᠢᠱᠢᠵᠦ ᠬᠠᠷᠢᠭᠤ | ᠲᠤᠰᠬᠠᠭᠰᠠᠨ ᠰᠠᠨᠠᠯ ᠰᠠᠨᠠᠭᠤᠯᠭ᠎ᠠ ᠶᠢ ᠦᠨᠳᠦᠰᠦᠯᠡᠨ᠂ ᠡᠯ᠎ᠡ ᠵᠦᠢᠯ ᠤᠨ ᠠᠵᠢᠯ ᠢᠶᠠᠨ ᠲᠠᠰᠤᠷᠠᠯᠲᠠ ᠥᠬᠡᠶ | ᠰᠢᠯᠢᠳᠡᠭᠵᠢᠭᠦᠯᠵᠦ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠠᠵᠢᠯ ᠢ ᠦᠷᠭᠦᠯᠵᠢᠯᠡᠨ | ᠠᠬᠢᠭᠤᠯᠵᠤ᠂ ᠶᠡᠷᠦᠩᠬᠡᠶᠢᠯᠡᠭᠰᠡᠨ ᠡᠮᠴᠢᠯᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ︽ | ᠡᠷᠡᠭᠦᠯ ᠡᠩᠬᠡ ᠠᠤᠬᠠᠨ︾ ᠢ ᠴᠣᠭᠴᠠᠯᠠᠵᠤ᠂ ᠥᠷᠭᠡᠨ ᠣᠯᠠᠨ ᠲᠦᠮᠡᠨ ᠳᠤ ᠡᠮᠴᠢᠯᠡᠭᠡᠨ ᠤ ᠬᠠᠮᠲᠤ ᠶᠢᠨ | ᠴᠣᠭᠴᠠ ᠶᠢᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠦᠨ᠎ᠡ᠃ |