| ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ | ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠤᠬᠠᠮᠰᠠᠷ ᠢ ᠴᠢᠩᠭᠠᠷᠠᠭᠤᠯᠤᠨ᠂ ᠴᠠᠬᠢᠯᠭᠠᠨ ᠬᠥᠳᠡᠯᠭᠡᠭᠦᠷᠲᠦ | ᠳᠤᠭᠤᠶ ᠲᠡᠷᠭᠡᠨ ᠤ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠵᠢᠷᠤᠮᠵᠢᠭᠤᠯᠬᠤ ᠶᠢᠨ ᠲᠥᠯᠥᠭᠡ᠂ | ᠣᠶᠢᠷ᠎ᠠ ᠳᠤ᠂ ᠠᠤᠬᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠴᠠᠬᠢᠯᠭᠠᠨ | ᠬᠥᠳᠡᠯᠭᠡᠭᠦᠷᠲᠦ ᠳᠤᠭᠤᠶ ᠲᠡᠷᠭᠡᠨ ᠤ ᠲᠤᠰᠬᠠᠶ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ | ᠬᠠᠤᠯᠢ ᠬᠡᠷᠡᠭᠵᠢᠭᠦᠯᠬᠦ ᠠᠵᠢᠯᠲᠠᠨ ᠬᠠᠷᠢᠶᠠᠲᠤ ᠣᠷᠣᠨ ᠤ ᠡᠯ᠎ᠡ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ | ᠡᠵᠡᠩᠨᠡᠯᠲᠡ ᠶᠢᠨ ᠳᠡᠯᠭᠡᠭᠦᠷ ᠲᠤ ᠭᠦᠨᠵᠡᠭᠡᠶᠢᠷᠡᠨ᠂ ᠲᠡᠭᠦᠨ ᠤ ᠡᠵᠡᠩᠨᠡᠯᠲᠡ ᠶᠢᠨ ᠬᠢᠷᠢ ᠬᠡᠮ᠂ ᠴᠠᠬᠢᠯᠭᠠᠨ | ᠬᠥᠳᠡᠯᠭᠡᠭᠦᠷᠲᠦ ᠳᠤᠭᠤᠶ ᠲᠡᠷᠭᠡᠨ ᠤ ᠦᠢᠯᠡᠳᠬᠦᠨ ᠤ ᠬᠢᠷᠢ ᠲᠡᠩᠴᠡᠭᠰᠡᠨ ᠦᠨᠡᠮᠯᠡᠯ᠂ 3C ᠭᠡᠷᠡᠴᠢᠯᠡᠯ ᠤᠨ ᠦᠨᠡᠮᠯᠡᠯ | ᠂ ᠶᠠᠰᠤ ᠴᠢᠨᠠᠷ ᠤᠨ ᠪᠠᠶᠢᠴᠠᠭᠠᠯᠲᠠ ᠶᠢᠨ ᠮᠡᠳᠡᠭᠦᠯᠦᠯᠲᠡ᠂ ᠦᠢᠯᠡᠳᠭᠦᠨ ᠤ ᠪᠠᠷᠠᠭ᠎ᠠ ᠣᠷᠣᠭᠤᠯᠬᠤ ᠶᠢ ᠪᠠᠶᠢᠴᠠᠭᠠᠵᠤ | ᠰᠢᠯᠭᠠᠨ ᠠᠪᠤᠭᠰᠠᠨ ᠲᠡᠮᠳᠡᠭᠯᠡᠯ᠂ ᠪᠣᠷᠣᠯᠠᠭᠤᠯᠭ᠎ᠠ ᠶᠢᠨ ᠲᠡᠮᠳᠡᠭᠯᠡᠯ ᠵᠡᠷᠭᠡ ᠶᠢ ᠪᠠᠶᠢᠴᠠᠭᠠᠵᠤ᠂ ᠪᠣᠷᠣᠯᠠᠭᠤᠯᠭ᠎ᠠ ᠶᠢᠨ | ᠶᠠᠰᠤ ᠴᠢᠨᠠᠷ ᠨᠢ ᠬᠢᠷᠢ ᠲᠡᠩᠴᠡᠭᠦ ᠥᠬᠡᠶ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠵᠢᠴᠢ ᠰᠡᠯᠪᠢᠭ ᠲᠣᠨᠤᠭ ᠵᠡᠷᠭᠡ | ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠦᠢᠯᠡᠳᠬᠦᠨ ᠤ ᠬᠠᠤᠯᠢ ᠴᠠᠭᠠᠵᠠ ᠬᠠᠤᠯᠢ ᠲᠣᠭᠲᠠᠭᠠᠯ ᠪᠠ | ᠪᠠᠷᠢᠮᠵᠢᠶ᠎ᠠ ᠶᠢᠨ ᠮᠡᠷᠭᠡᠵᠢᠯ ᠤᠨ ᠱᠠᠭᠠᠷᠳᠠᠯᠭ᠎ᠠ ᠳᠤ ᠨᠡᠶᠢᠴᠡᠬᠦ ᠶᠢ ᠦᠨᠡᠨ ᠬᠦ ᠪᠠᠲᠤᠯᠠᠪᠠ᠃ ᠬᠠᠤᠯᠢ ᠬᠡᠷᠡᠭᠵᠢᠭᠦᠯᠬᠦ | ᠠᠵᠢᠯᠲᠠᠨ ᠡᠵᠡᠩᠨᠡᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠶᠢ ᠵᠢᠷᠤᠮᠯᠠᠨ ᠡᠵᠡᠩᠨᠡᠬᠦ ᠦᠵᠡᠯ ᠢ ᠨᠢ | ᠤᠬᠠᠮᠰᠠᠷ ᠠᠴᠠ ᠪᠠᠨ ᠳᠡᠭᠡᠭᠰᠢᠯᠡᠭᠦᠯᠵᠦ᠂ ᠡᠵᠡᠩᠨᠡᠭᠴᠢᠳ ᠢ ᠥᠭᠡᠷᠡᠴᠢᠯᠡᠨ ᠤᠭᠰᠠᠷᠠᠬᠤ᠂ ᠨᠡᠶᠢᠯᠡᠭᠦᠯᠦᠨ ᠤᠭᠰᠠᠷᠠᠬᠤ | ᠵᠢᠴᠢ ᠪᠤᠰᠤᠳ ᠤᠨ ᠦᠢᠯᠡᠳᠪᠦᠷᠢ ᠶᠢᠨ ᠨᠡᠷ᠎ᠡ᠂ ᠦᠢᠯᠡᠳᠪᠦᠷᠢ ᠶᠢᠨ ᠬᠠᠶ᠋ᠢᠭ᠂ 3C ᠭᠡᠷᠡᠴᠢᠯᠡᠭᠡ ᠣᠯᠤᠭᠰᠠᠨ ᠦᠭᠡᠢ | ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠪᠣᠷᠣᠯᠠᠭᠤᠯᠵᠤ ᠪᠣᠯᠬᠤ ᠦᠭᠡᠢ᠂ ︽ᠭᠤᠷᠪᠠ ᠦᠭᠡᠢ︾ | ᠦᠢᠯᠡᠳᠬᠦᠨ ᠵᠢᠴᠢ ᠰᠡᠯᠪᠢᠭ ᠲᠣᠨᠤᠭ ᠢ ᠵᠠᠬ᠎ᠠ ᠳᠡᠯᠭᠡᠭᠦᠷ ᠲᠤ ᠣᠷᠣᠭᠤᠯᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ ᠭᠡᠵᠦ | ᠰᠡᠷᠡᠮᠵᠢᠯᠡᠭᠦᠯᠪᠡ᠃ | ᠣᠲᠣ ᠪᠣᠯᠲᠠᠯ᠎ᠠ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠡᠵᠡᠩᠨᠡᠯᠲᠡ ᠶᠢᠨ ᠭᠤᠤᠯ ᠴᠣᠭᠴᠠ ᠶᠢ ᠨᠡᠶᠢᠲᠡ 14 | ᠤᠳᠠᠭ᠎ᠠ ᠪᠠᠶᠢᠴᠠᠭᠠᠵᠤ᠂ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠢ ᠬᠠᠤᠯᠢ ᠬᠡᠷᠡᠭᠵᠢᠭᠦᠯᠬᠦ | ᠠᠵᠢᠯᠲᠠᠨ ᠨᠢᠭᠡᠨᠲᠡ ᠰᠢᠪᠠᠳᠠᠨ ᠴᠡᠭᠴᠡᠯᠡᠨ ᠰᠠᠶᠢᠵᠢᠷᠠᠭᠤᠯᠪᠠ᠃ ᠡᠭᠦᠨ ᠤ ᠬᠠᠮᠲᠤ᠂ ᠲᠣᠰ ᠲᠣᠪᠴᠢᠶ᠎ᠠ ᠤᠯᠤᠰ ᠤᠨ | ᠬᠠᠤᠯᠢ ᠪᠠᠷ ᠲᠣᠭᠲᠠᠭᠠᠭᠰᠠᠨ ᠰᠢᠯᠭᠠᠨ ᠪᠠᠶᠢᠴᠠᠭᠠᠬᠤ ᠪᠠᠶᠢᠭᠤᠯᠤᠮᠵᠢ ᠳᠤ ᠨᠠᠶᠢᠳᠠᠨ ᠬᠠᠷᠢᠶ᠎ᠠ ᠣᠷᠣᠨ ᠤ ᠳᠡᠯᠭᠡᠭᠦᠷ ᠲᠤ | ᠪᠣᠷᠣᠯᠠᠭᠤᠯᠤᠭᠰᠠᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠵᠢᠴᠢ ᠰᠡᠯᠪᠢᠭ ᠲᠣᠨᠤᠭ ᠢ ᠦᠢᠯᠡᠳᠬᠦᠨ ᠤ ᠶᠠᠰᠤ | ᠴᠢᠨᠠᠷ ᠲᠤ ᠥᠯᠢᠭᠡᠷ ᠠᠪᠴᠤ ᠰᠢᠯᠭᠠᠨ ᠪᠠᠶᠢᠴᠠᠭᠠᠵᠤ᠂ ᠨᠡᠶᠢᠲᠡ 13 ᠪᠦᠯᠦᠭ ᠤᠳᠠᠭ᠎ᠠ ᠰᠤᠭᠤᠴᠢᠨ ᠪᠠᠶᠢᠴᠠᠭᠠᠵᠤ᠂ | ᠥᠯᠢᠭᠡᠷ ᠡᠳ᠋ ᠢ ᠶᠠᠭ ᠰᠢᠯᠭᠠᠨ ᠪᠠᠶᠢᠴᠠᠭᠠᠯᠭᠠᠬᠤ ᠪᠠᠷ ᠬᠦᠷᠭᠡᠵᠦ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠠᠤᠬᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠣᠷᠳᠣ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠵᠠᠬ᠎ᠠ | ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠵᠢᠷᠤᠮᠵᠢᠭᠤᠯᠵᠤ᠂ ᠠᠷᠠᠳ ᠣᠯᠠᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ |