ᠠᠤᠬᠠᠨ ᠬᠤᠰᠢᠭᠤ ᠠᠬᠠᠮᠠᠳ ᠴᠡᠷᠢᠭ ᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/10/22
     ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠢ ᠬᠠᠪᠰᠤᠷᠤᠨ ᠨᠡᠶᠢᠭᠡᠮ ᠳᠤ ᠨᠡᠩ ᠰᠠᠶᠢᠨ ᠠᠭᠤᠰᠤᠯᠴᠠᠵᠤ᠂ ᠳᠦᠷᠢ ᠶᠢ ᠬᠤᠪᠢᠷᠠᠭᠤᠯᠬᠤ ᠪᠠ ᠰᠡᠳᠬᠢᠴᠡ ᠶᠢ ᠵᠣᠬᠢᠴᠠᠭᠤᠯᠬᠤ ᠶᠢ ᠪᠡᠶᠡᠯᠡᠭᠦᠯᠵᠦ᠂ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠤᠨ ᠠᠵᠢᠯ ᠬᠢᠵᠦ ᠠᠳᠠᠯ ᠦᠢᠯᠡᠰ ᠴᠣᠭᠴᠠᠯᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠡᠷᠡᠯᠬᠡᠭᠯᠡᠨ ᠤᠷᠤᠭᠰᠢᠯᠠᠬᠤ ᠬᠦᠴᠦᠨ ᠢ ᠲᠠᠰᠤᠷᠠᠯᠲᠠ ᠥᠬᠡᠶ ᠨᠢᠭᠲᠠᠷᠠᠭᠤᠯᠬᠤ ᠶᠢᠨ ᠲᠥᠯᠥᠭᠡ᠂ 10 ᠰᠠᠷ᠎ᠠ ᠶᠢᠨ 19 ᠤ ᠡᠳᠦᠷ ᠤᠨ ᠦᠳᠡ ᠶᠢᠨ ᠡᠮᠦᠨ᠎ᠡ᠂ ᠠᠤᠬᠠᠨ ᠬᠤᠰᠢᠭᠤᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ 2024 ᠣᠨ ᠤ ᠨᠠᠮᠤᠷ ᠤᠨ ᠤᠯᠠᠷᠢᠯ ᠤᠨ ᠵᠣᠬᠢᠴᠠᠬᠤ ᠴᠢᠨᠠᠷᠲᠠᠶ ᠪᠣᠯᠪᠠᠰᠤᠷᠠᠯ ᠤᠨ ᠠᠩᠭᠢ ᠳᠤ ᠣᠷᠣᠯᠴᠠᠭᠰᠠᠨ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠲᠤ ᠨᠢᠭᠡ ᠬᠡᠰᠡᠭ ᠠᠬᠠᠮᠠᠳ ᠴᠡᠷᠢᠭ ᠤᠨ ᠤᠬᠠᠭᠤᠯᠤᠨ ᠲᠠᠶᠢᠯᠪᠤᠷᠢᠯᠠᠯᠲᠠ ᠶᠢ ᠥᠷᠨᠢᠭᠦᠯᠵᠦ᠂ ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠯᠲᠠ ᠨᠢ ᠥᠪᠡᠷᠲᠡᠭᠡᠨ ᠵᠠᠰᠠᠬᠤ ᠣᠷᠣᠨ ᠤ ᠠᠬᠠᠮᠠᠳ ᠴᠡᠷᠢᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠰᠠᠯᠪᠤᠷᠢ ᠲᠣᠰᠬᠤᠨ ᠤ ᠨᠠᠮ ᠤᠨ ᠶᠡᠷᠦᠩᠬᠡᠶ ᠡᠭᠦᠷ ᠤᠨ ᠳᠡᠳ᠋ ᠱᠦᠵᠢ ᠸᠠᠩ ᠴᠦᠨ ᠶᠦᠩ᠂ ᠰᠢᠶᠠ ᠸᠠ ᠪᠠᠯᠭᠠᠰᠤᠨ ᠤ  ᠽᠣᠣ ᠶᠤᠸᠠᠨ ᠼᠦᠨ ᠲᠣᠰᠬᠤᠨ ᠤ ᠨᠠᠮ ᠤᠨ ᠡᠭᠦᠷ ᠤᠨ ᠱᠦᠵᠢ ᠵᠦ ᠵᠠᠨ ᠼᠠᠢ  ᠭᠤᠣᠯᠯᠠᠨ ᠤᠬᠠᠭᠤᠯᠤᠨ ᠲᠠᠶᠢᠯᠪᠤᠷᠢᠯᠠᠪᠠ᠃    ᠬᠤᠶᠠᠷ ᠠᠬᠠᠮᠠᠳ ᠴᠡᠷᠢᠭ ᠥᠪᠡᠷ ᠤᠨ ᠴᠡᠷᠢᠭ ᠲᠤ  ᠶᠠᠪᠤᠭᠰᠠᠨ᠂ ᠨᠤᠲᠤᠭ ᠲᠠᠭᠠᠨ ᠪᠤᠴᠠᠵᠤ ᠦᠢᠯᠡᠰ ᠪᠤᠰᠬᠠᠬᠰᠠᠨ ᠥᠩᠭᠡᠷᠡᠯᠲᠡ ᠲᠠᠢ ᠪᠠᠨ ᠤᠶᠠᠯᠳᠤᠭᠤᠯᠵᠤ᠂ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠴᠡᠷᠢᠭ ᠤᠨ ᠠᠯᠪᠠᠨ ᠠᠴᠠ ᠪᠠᠭᠤᠭᠰᠠᠨ ᠴᠤ ᠡᠷᠴᠢ ᠵᠣᠷᠢᠭ ᠪᠠᠭᠤᠷᠠᠬᠤ ᠦᠭᠡᠢ ᠪᠠᠶᠢᠬᠤ ᠲᠤᠬᠠᠢ ᠶᠠᠷᠢᠵᠤ᠂ ᠠᠵᠢᠯ ᠤᠨ ᠪᠠᠶᠢᠷᠢ ᠳᠠᠭᠠᠨ ᠰᠠᠭᠤᠷᠢᠯᠠᠵᠤ ᠰᠢᠨ᠎ᠡ ᠭᠠᠪᠢᠶ᠎ᠠ ᠪᠠᠶᠢᠭᠤᠯᠤᠭᠰᠠᠨ ᠠᠮᠢᠳᠤᠯᠢᠭ ᠦᠯᠢᠭᠡᠷ ᠢ ᠶᠠᠷᠢᠵᠤ᠂ ᠰᠢᠨ᠎ᠡ ᠴᠠᠭ ᠦᠶ᠎ᠡ ᠶᠢᠨ ᠴᠡᠷᠢᠭ ᠤᠨ ᠠᠯᠪᠠᠨ ᠠᠴᠠ ᠪᠠᠭᠤᠭᠰᠠᠳ ᠤᠨ ᠰᠢᠷᠭᠠᠭᠤ ᠬᠠᠲᠠᠭᠤᠵᠢᠯᠲᠠᠢ ᠲᠡᠮᠡᠴᠡᠬᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠠᠵᠢᠯᠴᠢ ᠬᠢᠴᠢᠶᠡᠩᠭᠦᠢ ᠪᠠᠷ ᠬᠤᠪᠢ ᠨᠡᠮᠡᠷᠢ ᠦᠵᠡᠭᠦᠯᠬᠦ ᠡᠷᠬᠢᠮ ᠳᠡᠭᠡᠳᠦ ᠲᠦᠷᠢ ᠲᠥᠷᠬᠦ ᠶᠢ ᠢᠯᠡᠷᠡᠭᠦᠯᠪᠡ᠃ ᠲᠡᠳᠡ᠂ ᠨᠡᠶᠢᠭᠡᠮ ᠤᠨ ᠣᠷᠴᠢᠨ ᠲᠣᠭᠤᠷᠢᠨ ᠳᠤ ᠬᠡᠷᠬᠢᠨ ᠲᠦᠷᠭᠡᠨ ᠵᠣᠬᠢᠴᠠᠬᠤ ᠲᠤᠬᠠᠶ᠂ ᠴᠡᠷᠢᠭ ᠠᠩᠭᠢ ᠶᠢᠨ ᠬᠥᠮᠦᠵᠢᠭᠦᠯᠬᠦ ᠰᠠᠶᠢᠨ ᠰᠠᠶᠢᠬᠠᠨ ᠳᠠᠳᠬᠠᠯ ᠢ ᠬᠡᠷᠬᠢᠨ ᠠᠰᠢᠭᠯᠠᠬᠤ ᠲᠤᠬᠠᠶ ᠠᠵᠢᠯ ᠤᠨ ᠪᠠᠶᠢᠷᠢ ᠳᠡᠭᠡᠷ᠎ᠡ ᠪᠠᠨ ᠴᠣᠯᠭᠤᠷᠠᠨ ᠭᠠᠷᠬᠤ᠂ ᠬᠡᠷᠬᠢᠨ ᠪᠦᠲᠦᠮᠵᠢᠲᠡᠶ ᠬᠠᠮᠢᠶᠠᠷᠬᠤ ᠵᠢᠴᠢ ᠥᠷᠢᠰᠥᠯᠳᠦᠭᠡᠨ ᠳᠤ ᠲᠤᠯᠭᠠᠷᠠᠬᠤ ᠦᠶ᠎ᠡ ᠳᠤ ᠢᠳᠡᠪᠬᠢᠲᠡᠶ ᠥᠭᠡᠳᠡᠯᠡᠨ ᠳᠠᠪᠰᠢᠬᠤ ᠰᠡᠳᠬᠢᠯᠭᠡ ᠶᠢ ᠪᠠᠭᠲᠠᠭᠠᠭᠰᠠᠨ ᠲᠣᠬᠠᠢ ᠨᠠᠷᠢᠨ ᠲᠣᠳᠣᠷᠬᠠᠶ ᠲᠠᠶᠢᠯᠪᠤᠷᠢᠯᠠᠪᠠ︔ ᠪᠠᠰᠠ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠤᠨ ᠨᠡᠶᠢᠳᠡᠮ ᠠᠩᠬᠠᠷᠴᠤ ᠪᠠᠶᠢᠭ᠎ᠠ ᠠᠵᠢᠯ ᠣᠯᠭᠤᠯᠲᠠ ᠶᠢᠨ ᠠᠰᠠᠭᠤᠳᠠᠯ ᠳᠤ ᠴᠢᠭᠯᠡᠭᠦᠯᠦᠨ᠂ ᠠᠵᠢᠯ ᠮᠡᠷᠭᠡᠵᠢᠯ ᠤᠨ ᠲᠥᠯᠥᠪᠵᠢᠭᠦᠯᠭᠡ ᠶᠢᠨ ᠠᠷᠭ᠎ᠠ ᠵᠠᠮ ᠢᠶᠠᠨ ᠬᠤᠪᠢᠶᠠᠯᠴᠠᠵᠤ᠂ ᠠᠵᠢᠯ ᠲᠦᠷᠦᠯ ᠤᠨ ᠵᠠᠳᠠᠯᠤᠯᠲᠠ ᠵᠡᠷᠭᠡ ᠪᠣᠳᠠᠲᠤ ᠬᠡᠷᠡᠭᠯᠡᠭᠡᠨ ᠤ ᠰᠠᠨᠠᠭᠤᠯᠭ᠎ᠠ ᠬᠠᠩᠭᠠᠵᠤ᠂ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠲᠤ ᠡᠷᠬᠢᠮ ᠨᠠᠨᠳᠢᠨ ᠲᠤᠷᠰᠢᠯᠭ᠎ᠠ ᠪᠠᠨ ᠬᠤᠪᠢᠶᠠᠯᠴᠠᠨ ᠡᠳ᠋ᠯᠡᠬᠦ ᠪᠠ  ᠦᠵᠡᠯ ᠰᠠᠨᠠᠭᠠᠨ ᠤ ᠵᠣᠷᠢᠭᠵᠢᠭᠤᠯᠤᠯ ᠬᠠᠩᠭᠠᠭᠰᠠᠨ ᠪᠠᠶᠢᠨ᠎ᠠ᠃    ᠤᠬᠠᠭᠤᠯᠤᠨ ᠲᠠᠶᠢᠯᠪᠤᠷᠢᠯᠠᠬᠤ  ᠶᠢᠨ ᠡᠴᠤᠰ ᠲᠤ᠂ ᠬᠤᠶᠠᠷ ᠠᠬᠠᠮᠠᠳ ᠴᠡᠷᠢᠭ ᠤᠯᠠᠨ ᠢ ᠥᠪᠡᠷ ᠤᠨ ᠳᠤᠷ᠎ᠠ ᠰᠣᠨᠢᠷᠬᠠᠯ ᠪᠣᠯᠤᠨ ᠣᠨᠴᠠᠯᠢᠭ ᠢᠶᠠᠨ ᠦᠨᠳᠦᠰᠦᠯᠡᠵᠦ᠂ ᠰᠢᠨ᠎ᠡ ᠠᠮᠢᠳᠤᠷᠠᠯ ᠤᠨ ᠵᠠᠮ ᠢ ᠵᠣᠷᠢᠭᠲᠠᠢ ᠪᠠᠷ ᠰᠦᠪᠡᠭᠴᠢᠯᠡᠬᠦ ᠶᠢ ᠵᠣᠷᠢᠭᠵᠢᠭᠤᠯᠵᠤ᠂ ᠲᠡᠳᠡᠨ ᠤ ᠴᠡᠷᠢᠭ ᠠᠴᠠ ᠬᠠᠯᠠᠭᠳᠠᠭᠰᠠᠳ ᠤᠨ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠴᠡᠷᠢᠭ ᠠᠴᠠ ᠪᠠᠭᠤᠭᠰᠠᠨ ᠴᠤ ᠵᠣᠷᠢᠭ  ᠪᠠᠭᠤᠷᠠᠬᠤ ᠦᠭᠡᠢ︾ ᠭᠡᠬᠦ ᠲᠠᠩᠭᠠᠷᠢᠭ ᠢᠶᠠᠨ ᠲᠠᠶᠢᠯᠪᠤᠷᠢᠯᠠᠵᠤ᠂ ᠢᠳᠡᠪᠬᠢᠲᠡᠢ ᠤᠷᠤᠭᠰᠢᠯᠠᠨ ᠳᠠᠪᠰᠢᠬᠤ ᠰᠡᠳᠬᠢᠯᠭᠡ ᠶᠢ ᠪᠠᠷᠢᠮᠲᠠᠯᠠᠵᠤ᠂ ᠰᠢᠨ᠎ᠡ ᠠᠵᠢᠯ ᠤᠨ ᠪᠠᠶᠢᠷᠢ ᠳᠡᠭᠡᠷ᠎ᠡ ᠤᠭ ᠰᠠᠨᠠᠭ᠎ᠠ ᠪᠠᠨ ᠲᠠᠰᠤᠷᠠᠯᠲᠠ ᠦᠭᠡᠢ ᠪᠠᠲᠤ ᠰᠠᠬᠢᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ ᠶᠢ ᠬᠦᠰᠡᠵᠦ ᠪᠠᠶᠢᠨ᠎ᠠ  ᠭᠡᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号