| ᠣᠳᠣᠬᠠᠨ ᠳᠤ ᠨᠠᠮᠤᠷ ᠤᠨ ᠠᠮᠤ ᠪᠤᠳᠠᠭᠠᠨ ᠤ ᠬᠤᠷᠢᠶᠠᠯᠲᠠ ᠶᠢᠨ ᠵᠠᠩᠭᠢᠯᠠᠭ᠎ᠠ ᠶᠢᠨ ᠴᠠᠭ ᠦᠶ᠎ᠡ ᠪᠠᠶᠢᠵᠤ | ᠮᠥᠨᠴᠦ ᠬᠠᠳᠤᠵᠤ ᠬᠤᠷᠢᠶᠠᠬᠤ ᠬᠠᠮ ᠮᠠᠰᠢᠨ ᠵᠡᠷᠭᠡ ᠡᠯ᠎ᠡ ᠲᠥᠷᠥᠯ ᠤᠨ ᠲᠠᠷᠢᠶᠠᠯᠠᠩ ᠤᠨ ᠮᠠᠰᠢᠨ ᠢᠶᠠᠷ ᠠᠵᠢᠯᠯᠠᠬᠤ | ᠤᠷᠬᠢᠯ ᠤᠨ ᠬᠤᠭᠤᠴᠠᠭ᠎ᠠ ᠪᠣᠯᠤᠨ᠎ᠠ᠂ ᠨᠠᠮᠤᠷ ᠤᠨ ᠬᠤᠷᠢᠶᠠᠯᠲᠠ ᠶᠢᠨ ᠦᠢᠯᠡᠳᠪᠦᠷᠢᠯᠡᠯ ᠤᠨ ᠡᠮᠬᠢ ᠵᠢᠷᠤᠮ ᠲᠠᠢ | ᠶᠠᠪᠤᠭᠳᠠᠬᠤ ᠶᠢ ᠪᠠᠲᠤᠯᠠᠵᠤ᠂ ᠨᠠᠮᠤᠷ ᠤᠨ ᠤᠯᠠᠷᠢᠯ ᠤᠨ ᠲᠠᠷᠢᠶᠠᠯᠠᠩ ᠤᠨ ᠮᠠᠰᠢᠨ ᠤ ᠠᠮᠤᠷ ᠲᠦᠪᠰᠢᠨ ᠢᠶᠠᠷ | ᠠᠵᠢᠯᠯᠠᠬᠤ ᠶᠢ ᠪᠠᠲᠤᠯᠠᠬᠤ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠠᠤᠬᠠᠨ ᠬᠤᠰᠢᠭᠤᠨ ᠤ ᠲᠠᠷᠢᠶᠠᠯᠠᠩ | ᠮᠠᠯ ᠠᠵᠤ ᠠᠬᠤᠶ ᠶᠢᠨ ᠲᠣᠪᠴᠢᠶ᠎ᠠ ᠬᠠᠤᠯᠢ ᠬᠡᠷᠡᠭᠵᠢᠭᠦᠯᠬᠦ ᠶᠡᠭᠡ ᠠᠩᠭᠢ ᠶᠢ ᠵᠣᠬᠢᠶᠠᠨ ᠪᠠᠶᠢᠭᠤᠯᠵᠤ ︽ | ᠦᠢᠯᠡᠴᠢᠯᠡᠬᠦ ᠪᠠᠷ ᠭᠤᠤᠯ ᠪᠣᠯᠭᠠᠵᠤ᠂ ᠬᠠᠤᠯᠢ ᠬᠡᠷᠡᠭᠵᠢᠭᠦᠯᠬᠦ ᠪᠠᠷ ᠬᠠᠪᠰᠤᠷᠤᠮᠵᠢ ᠪᠣᠯᠭᠠᠬᠤ︾ ᠵᠠᠷᠴᠢᠮ ᠢᠶᠠᠷ | ᠲᠠᠷᠢᠶᠠᠯᠠᠩ ᠤᠨ ᠮᠠᠰᠢᠨ ᠤ ᠠᠮᠤᠷ ᠲᠦᠪᠰᠢᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠵᠦ᠂ | ᠠᠮᠤᠷ ᠲᠦᠪᠰᠢᠨ ᠤ ᠳᠠᠯᠳᠠ ᠬᠡᠮ ᠢ ᠡᠬᠢ ᠡᠭᠦᠰᠦᠯ ᠠᠴᠠ ᠨᠢ ᠠᠷᠢᠯᠭᠠᠪᠠ᠃ | ᠨᠢᠭᠡ ᠳᠤ᠂ ᠤᠯᠤᠯᠴᠠᠭ᠎ᠠ ᠵᠣᠬᠢᠴᠠᠭᠤᠯᠭ᠎ᠠ ᠶᠢ ᠰᠠᠶᠢᠲᠤᠷ ᠬᠢᠪᠡ᠃ ᠡᠯ᠎ᠡ ᠰᠢᠶᠠᠩ ᠪᠠᠯᠭᠠᠰᠤᠨ ᠤ ᠲᠠᠷᠢᠶᠠᠯᠠᠩ ᠤᠨ | ᠮᠠᠰᠢᠨ ᠤ ᠥᠷᠲᠡᠭᠡ ᠶᠢ ᠢᠳᠡᠪᠬᠢᠲᠡᠶ ᠪᠠᠷ ᠵᠣᠬᠢᠴᠠᠭᠤᠯᠤᠨ ᠬᠠᠷᠢᠶ᠎ᠠ ᠣᠷᠣᠨ ᠤ ᠳᠣᠲᠣᠷ᠎ᠠ ᠠᠰᠢᠭᠯᠠᠯᠲᠠ ᠳᠤ | ᠣᠷᠣᠭᠤᠯᠤᠭᠰᠠᠨ ᠲᠠᠷᠢᠶᠠᠯᠠᠩ ᠤᠨ ᠮᠠᠰᠢᠨ ᠢ ᠬᠡᠷᠡᠭᠯᠡᠭᠰᠡᠨ ᠪᠠᠶᠢᠳᠠᠯ᠂ ᠠᠵᠢᠯᠯᠠᠬᠤ ᠣᠷᠣᠨ ᠪᠦᠰᠡ ᠵᠢᠴᠢ ᠬᠤᠷᠢᠶᠠᠬᠤ | ᠮᠠᠰᠢᠨ ᠤ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ ᠤᠶᠢᠯᠠᠭᠠᠨ ᠵᠢᠭᠰᠠᠭᠠᠨ ᠪᠠᠶᠢᠴᠠᠭᠠᠵᠤ᠂ ᠡᠯ᠎ᠡ ᠲᠥᠷᠥᠯ ᠤᠨ | ᠮᠠᠰᠢᠨ ᠪᠠᠭᠠᠵᠢ ᠶᠢᠨ ᠰᠠᠭᠠᠳ ᠦᠭᠡᠢ ᠪᠠᠷ ᠠᠵᠢᠯᠠᠯᠬᠤ ᠶᠢ ᠪᠠᠲᠤᠯᠠᠬᠤ ᠶᠢᠨ ᠬᠠᠮᠲᠤ ᠸᠢᠴᠠᠲ ᠤᠨ ᠬᠤᠯᠪᠤᠭ᠎ᠠ ᠵᠡᠷᠭᠡ | ᠮᠡᠳᠡᠭᠡ ᠵᠠᠩᠭᠢ ᠶᠢᠨ ᠲᠠᠪᠴᠠᠩ ᠢ ᠠᠰᠢᠭᠯᠠᠨ᠂ ᠲᠠᠷᠢᠶᠠᠯᠠᠩ ᠤᠨ ᠮᠠᠰᠢᠨ ᠢ ᠵᠦᠶ ᠵᠣᠬᠢᠰᠲᠠᠶ ᠬᠠᠪᠰᠤᠷᠤᠨ | ᠳᠣᠭᠢᠷᠠᠭᠤᠯᠵᠤ᠂ ᠨᠠᠮᠤᠷ ᠤᠨ ᠠᠮᠤ ᠪᠤᠳᠠᠭᠠᠨ ᠤ ᠬᠥᠮᠥᠷᠭᠡ ᠳᠤ ᠣᠷᠣᠭᠤᠯᠬᠤ ᠳᠤ ᠬᠦᠴᠦᠨ ᠨᠡᠮᠡᠷᠢᠯᠡᠪᠡ᠃ | ᠬᠤᠶᠠᠷ ᠲᠤ᠂ ᠤᠬᠠᠭᠤᠯᠬᠤ ᠡᠷᠴᠢᠮ ᠢᠶᠠᠨ ᠴᠢᠩᠭᠠᠷᠠᠭᠤᠯᠪᠠ᠃ ᠬᠠᠤᠯᠢ ᠬᠡᠷᠡᠭᠵᠢᠭᠦᠯᠬᠦ ᠠᠵᠢᠯᠲᠠᠨ ᠢ | ᠢᠳᠡᠪᠬᠢᠲᠡᠶ ᠪᠠᠷ ᠵᠣᠬᠢᠶᠠᠨ ᠪᠠᠶᠢᠭᠤᠯᠤᠨ ᠠᠵᠢᠯᠯᠠᠬᠤ ᠲᠤᠬᠠᠶ ᠶᠢᠨ ᠲᠠᠯᠠᠪᠠᠶ᠂ ᠦᠢᠯᠡᠳᠪᠦᠷᠢᠯᠡᠯ ᠤᠨ ᠨᠢᠭᠡᠳᠦᠭᠡᠷ | ᠹᠷᠣᠨᠲ ᠵᠢᠴᠢ ᠲᠣᠰᠬᠤᠨ ᠪᠠᠯᠭᠠᠰᠤ ᠶᠢᠨ ᠬᠥᠮᠦᠰ ᠬᠤᠷᠠᠵᠤ ᠴᠤᠭᠯᠠᠷᠠᠬᠤ ᠲᠠᠯᠠᠪᠤᠷ ᠲᠤ ᠬᠦᠷᠴᠦ ᠬᠠᠤᠯᠢ ᠴᠠᠭᠠᠵᠠ | ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠬᠠᠭᠤᠳᠠᠰᠤ᠂ ᠲᠠᠷᠢᠶᠠᠯᠠᠩ ᠤᠨ ᠮᠠᠰᠢᠨ ᠤ ᠠᠮᠤᠷ ᠲᠦᠪᠰᠢᠨ ᠤ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠵᠢᠷᠤᠭᠲᠤ ᠳᠡᠪᠲᠡᠷ ᠵᠡᠷᠭᠡ ᠶᠢ | ᠲᠠᠷᠬᠠᠭᠠᠵᠤ᠂ ᠮᠠᠰᠢᠨ ᠢᠶᠠᠷ ᠬᠤᠷᠢᠶᠠᠬᠤ ᠠᠶᠤᠯᠭᠦᠶ ᠦᠢᠯᠡᠳᠪᠦᠷᠢᠯᠡᠯ ᠤᠨ ᠠᠩᠬᠠᠷᠬᠤ ᠵᠦᠢᠯᠡᠰ ᠢ ᠨᠢᠭᠤᠷᠲᠠᠨ | ᠲᠠᠶᠢᠯᠪᠤᠷᠢᠯᠠᠵᠤ᠂ ᠠᠶᠤᠯᠭᠦᠶ ᠦᠢᠯᠡᠳᠪᠦᠷᠢᠯᠡᠯ ᠤᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ | ᠭᠤᠷᠪᠠ ᠳᠤ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠪᠠ᠃ ᠬᠠᠤᠯᠢ ᠬᠡᠷᠡᠭᠵᠢᠭᠦᠯᠬᠦ | ᠠᠵᠢᠯᠲᠠᠨ ᠲᠠᠷᠢᠶᠠᠨ ᠭᠠᠵᠠᠷ ᠤᠨ ᠦᠵᠦᠭᠦᠷ ᠵᠡᠷᠭᠡ ᠠᠵᠢᠯ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ | ᠲᠠᠷᠢᠶᠠᠯᠠᠩ ᠤᠨ ᠮᠠᠰᠢᠨ ᠤ ᠫᠠᠶᠢᠰᠠ ᠥᠬᠡᠶ ᠠᠵᠢᠯᠯᠠᠭ᠎ᠠ᠂ ᠦᠨᠡᠮᠯᠡᠯ ᠥᠬᠡᠶ ᠪᠠᠷ ᠵᠢᠯᠣᠭᠤᠳᠬᠤ᠂ ᠬᠤᠭᠤᠴᠠᠭ᠎ᠠ | ᠬᠡᠲᠦᠷᠡᠲᠡᠯ᠎ᠡ ᠪᠠᠶᠢᠴᠠᠭᠠᠭᠰᠠᠨ ᠥᠬᠡᠶ᠂ ᠠᠮᠤᠷ ᠲᠦᠪᠰᠢᠨ ᠤ ᠬᠠᠮᠠᠭᠠᠯᠠᠯᠲᠠ ᠶᠢᠨ ᠲᠥᠬᠦᠭᠡᠷᠦᠮᠵᠢ ᠶᠢ ᠵᠠᠳᠠᠯᠵᠤ | ᠪᠠᠭᠤᠯᠭᠠᠬᠤ᠂ ᠠᠮᠤᠷ ᠲᠦᠪᠰᠢᠨ ᠤ ᠠᠵᠢᠯᠯᠠᠬᠤ ᠲᠦᠷᠢᠮ ᠢ ᠵᠥᠷᠢᠴᠡᠭᠰᠡᠨ ᠵᠡᠷᠭᠡ ᠬᠠᠤᠯᠢ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠭᠤᠤᠯᠳᠠᠯᠭ᠎ᠠ ᠲᠠᠢ ᠪᠠᠶᠢᠴᠠᠭᠠᠨ ᠰᠢᠢᠳᠪᠦᠷᠢᠯᠡᠵᠦ᠂ ᠬᠠᠤᠯᠢ ᠬᠡᠷᠡᠭᠵᠢᠭᠦᠯᠬᠦ ᠡᠷᠴᠢᠮ ᠢᠶᠠᠨ | ᠴᠢᠩᠭᠠᠷᠠᠭᠤᠯᠤᠨ᠂ ᠲᠣᠭᠲᠠᠭᠠᠯ ᠠᠴᠠ ᠵᠥᠷᠢᠴᠡᠨ ᠠᠵᠢᠯᠯᠠᠬᠤ ᠶᠢ ᠴᠠᠭ ᠲᠤᠬᠠᠶ ᠳᠤᠨᠢ ᠵᠠᠯᠠᠷᠠᠭᠤᠯᠪᠠ᠃ | ᠣᠳᠣᠬᠠᠨ ᠪᠣᠯᠲᠠᠯ᠎ᠠ᠂ ᠬᠠᠤᠯᠢ ᠬᠡᠷᠡᠭᠵᠢᠭᠦᠯᠬᠦ ᠠᠵᠢᠯᠲᠠᠨ ᠢ 170 ᠭᠠᠷᠤᠶ ᠤᠳᠠᠭ᠎ᠠ ᠬᠥᠳᠡᠯᠭᠡᠵᠦ᠂ ᠡᠯ᠎ᠡ | ᠲᠥᠷᠥᠯ ᠤᠨ ᠲᠠᠷᠢᠶᠠᠯᠠᠩ ᠤᠨ ᠮᠠᠰᠢᠨ ᠢ 530 ᠤᠳᠠᠭ᠎ᠠ ᠪᠠᠶᠢᠴᠠᠭᠠᠵᠤ᠂ ᠬᠠᠤᠯᠢ ᠴᠠᠭᠠᠵᠠ ᠬᠠᠤᠯᠢ ᠲᠣᠭᠲᠠᠭᠠᠯ ᠤᠨ | ᠤᠬᠠᠭᠤᠯᠭ᠎ᠠ ᠶᠢᠨ ᠬᠠᠭᠤᠳᠠᠰᠤ ᠶᠢ 2000 ᠭᠠᠷᠤᠶ ᠬᠤᠪᠢ ᠲᠠᠷᠬᠠᠭᠠᠵᠤ᠂ ᠠᠶᠤᠯᠭᠦᠶ ᠦᠢᠯᠡᠳᠪᠦᠷᠢᠯᠡᠯ ᠤᠨ ᠬᠠᠤᠯᠢ | ᠲᠦᠭᠡᠮᠡᠯᠵᠢᠭᠦᠯᠬᠦ ᠤᠬᠠᠭᠤᠯᠭ᠎ᠠ ᠶᠢᠨ ᠵᠢᠷᠤᠭᠲᠤ ᠳᠡᠪᠲᠡᠷ ᠢ 1000 ᠭᠠᠷᠤᠶ ᠬᠤᠪᠢ ᠲᠠᠷᠬᠠᠭᠠᠪᠠ᠃ ᠲᠠᠷᠠᠭᠠᠴᠢ ᠶᠢᠨ | ᠠᠯᠬᠤᠮ ᠳᠤ᠂ ᠠᠤᠬᠠᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠠᠶᠤᠯᠭᠦᠶ | ᠦᠢᠯᠡᠳᠪᠦᠷᠢᠯᠡᠯ ᠤᠨ ᠡᠷᠴᠢᠮ ᠢᠶᠠᠨ ᠴᠠᠭ ᠢᠮᠠᠭᠲᠠ ᠴᠢᠩᠭᠠᠷᠠᠭᠤᠯᠵᠤ᠂ ᠲᠠᠷᠢᠶᠠᠯᠠᠩ ᠤᠨ ᠮᠠᠰᠢᠨ ᠢ ᠠᠶᠤᠯᠭᠦᠶ | ᠠᠵᠢᠯᠯᠠᠭᠤᠯᠬᠤ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠡᠷᠴᠢᠮ ᠢᠶᠠᠨ ᠴᠢᠩᠭᠠᠷᠠᠭᠤᠯᠤᠨ᠂ ᠨᠠᠮᠤᠷ ᠤᠨ ᠠᠮᠤ | ᠪᠤᠳᠠᠭᠠᠨ ᠤ ᠬᠥᠮᠥᠷᠭᠡ ᠳᠤ ᠣᠷᠣᠭᠤᠯᠬᠤ ᠶᠢ ᠪᠠᠲᠤᠯᠠᠨ᠎ᠠ᠃ |