| 10 ᠰᠠᠷ᠎ᠠ ᠶᠢᠨ 18 ᠤ ᠡᠳᠦᠷ ᠠᠴᠠ 10 ᠰᠠᠷ᠎ᠠ ᠶᠢᠨ 20 ᠤ ᠡᠳᠦᠷ ᠪᠣᠯᠲᠠᠯ᠎ᠠ᠂ ᠵᠢᠷᠭᠤᠳᠤᠭᠠᠷ | ᠬᠤᠭᠤᠴᠠᠭᠠᠨ ᠤ ᠪᠥᠬᠦ ᠤᠯᠤᠰ ᠤᠨ ᠠᠮᠤ ᠪᠤᠳᠠᠭᠠᠨ ᠤ ᠠᠷᠠᠯᠵᠢᠶᠠᠨ ᠤ ᠬᠤᠷᠠᠯ ᠬᠤᠪᠸᠢ ᠮᠤᠵᠢ ᠶᠢᠨ ᠦᠬᠠᠨ | ᠬᠤᠲᠠ ᠳᠤ ᠬᠤᠷᠠᠯᠳᠤᠪᠠ᠃ ᠠᠣᠬᠠᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠠᠮᠤ | ᠪᠤᠳᠠᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠠᠪᠤᠨ ᠠᠵᠤ ᠠᠬᠤᠶᠢᠯᠠᠯ ᠤᠨ ᠬᠢᠨᠢ ᠳᠠᠭᠠᠭᠤᠯᠤᠨ ᠶᠡᠭᠡ | ᠬᠤᠷᠠᠯ ᠳᠤ ᠣᠷᠣᠯᠴᠠᠵᠤ᠂ ᠥᠪᠥᠷ ᠮᠣᠩᠭᠤᠯ ᠤᠨ ᠦᠵᠡᠭᠦᠯᠭᠡ ᠶᠢᠨ ᠲᠣᠭᠤᠷᠢᠭ ᠲᠤ ᠠᠤᠬᠠᠨ ᠤ ᠨᠠᠷᠢᠮᠤ᠂ | ᠣᠷᠭᠠᠨᠢᠭ ᠬᠤᠯᠢᠮᠠᠭ ᠠᠮᠤ ᠵᠡᠷᠭᠡ ᠪᠦᠲᠦᠭᠡᠭᠳᠡᠬᠦᠨ ᠢ ᠲᠥᠪᠯᠡᠷᠡᠭᠦᠯᠦᠨ ᠳᠡᠯᠭᠡᠨ ᠦᠵᠡᠭᠦᠯᠬᠦ ᠶᠢᠨ ᠬᠠᠮᠲᠤ ᠮᠤᠵᠢ ᠶᠢᠨ | ᠭᠠᠳᠠᠭᠠᠳᠤ ᠲᠠᠢ ᠬᠤᠯᠪᠣᠭᠳᠠᠭᠰᠠᠨ ᠠᠮᠤ ᠪᠤᠳᠠᠭᠠᠨ ᠤ ᠠᠵᠤ ᠠᠬᠤᠶᠢᠯᠠᠯ ᠲᠠᠢ ᠭᠦᠨᠵᠡᠭᠡᠶ ᠰᠣᠯᠢᠯᠴᠠᠵᠤ᠂ ᠠᠮᠤ | ᠪᠤᠳᠠᠭᠠᠨ ᠤ ᠠᠷᠠᠯᠵᠢᠶᠠᠨ ᠤ ᠲᠠᠯ᠎ᠠ ᠪᠠᠷ ᠬᠠᠮᠲᠤᠷᠠᠯᠴᠠᠭᠠᠨ ᠤ ᠰᠠᠨᠠᠮᠵᠢ ᠤᠯᠪᠠ᠃ | ᠪᠥᠬᠦ ᠤᠯᠤᠰ ᠤᠨ ᠠᠮᠤ ᠪᠤᠳᠠᠭᠠᠨ ᠤ ᠠᠷᠠᠯᠵᠢᠶᠠᠨ ᠤ ᠶᠡᠭᠡ ᠬᠤᠷᠠᠯ ᠪᠣᠯ ᠪᠥᠬᠦ ᠤᠯᠤᠰ ᠤᠨ ᠴᠢᠨᠠᠷᠲᠠᠶ ᠠᠮᠤ | ᠪᠤᠳᠠᠭᠠᠨ ᠤ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠶᠢ ᠠᠬᠢᠭᠤᠯᠬᠤ᠂ ᠣᠷᠣᠨ ᠪᠦᠰᠡ ᠠᠯᠤᠰᠯᠠᠭᠰᠠᠨ ᠡᠬᠢ | ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠪᠡᠶᠡᠯᠡᠭᠦᠯᠬᠦ ᠴᠢᠬᠤᠯᠠ ᠲᠠᠪᠴᠠᠩ ᠮᠥᠨ᠂ ᠪᠠᠰᠠ ᠴᠤ ᠠᠮᠤ ᠪᠤᠳᠠᠭᠠᠨ ᠤ ᠠᠵᠤ | ᠦᠢᠯᠡᠰ ᠤᠨ ᠬᠠᠮᠤᠭ ᠤᠨ ᠶᠡᠭᠡ ᠨᠥᠯᠥᠭᠡᠯᠡᠬᠦ ᠬᠦᠴᠦᠨ ᠲᠠᠢ ᠠᠵᠢᠯ ᠲᠥᠷᠥᠯ ᠤᠨ ᠦᠪᠡᠳᠡᠭᠰᠢ ᠴᠤᠭᠯᠠᠭᠠᠨ ᠮᠥᠨ᠃ | ᠠᠣᠬᠠᠨ ᠬᠤᠰᠢᠭᠤᠨ ᠤ ᠠᠮᠤ ᠪᠤᠳᠠᠭᠠᠨ ᠤ ᠠᠵᠤ ᠠᠬᠤᠶᠢᠯᠠᠯ ᠢ ᠬᠠᠪᠰᠤᠷᠤᠨ ᠪᠣᠷᠣᠯᠠᠭᠤᠯᠭ᠎ᠠ ᠶᠢᠨ ᠠᠷᠭ᠎ᠠ ᠵᠠᠮ ᠢ ᠨᠢ | ᠥᠷᠭᠡᠳᠬᠡᠵᠦ᠂ ᠠᠤᠬᠠᠨ ᠤ ᠲᠠᠷᠢᠶᠠᠯᠠᠩ ᠤᠨ ᠪᠦᠲᠦᠭᠡᠭᠳᠡᠬᠦᠨ ᠤ ᠠᠯᠳᠠᠷᠰᠢᠯ ᠢ ᠳᠡᠭᠡᠭᠰᠢᠯᠡᠭᠦᠯᠬᠦ ᠶᠢᠨ ᠲᠥᠯᠥᠭᠡ᠂ | ᠣᠶᠢᠷ᠎ᠠ ᠶᠢᠨ ᠵᠢᠯ ᠳᠤ᠂ ᠠᠣᠬᠠᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠠᠮᠤ | ᠪᠤᠳᠠᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠮᠤ ᠪᠤᠳᠠᠭᠠᠨ ᠤ ᠠᠵᠤ ᠠᠬᠤᠶᠢᠯᠠᠯ ᠢ ᠳᠠᠶᠢᠴᠢᠯᠠᠨ ᠳᠡᠮᠵᠢᠵᠦ | ᠪᠥᠬᠦ ᠤᠯᠤᠰ ᠤᠨ ᠠᠮᠤ ᠪᠤᠳᠠᠭᠠᠨ ᠤ ᠠᠷᠠᠯᠵᠢᠶᠠᠨ ᠤ ᠶᠡᠭᠡ ᠬᠤᠷᠠᠯ᠂ ᠠᠮᠤ ᠪᠤᠳᠠᠭᠠᠨ ᠤ ᠦᠢᠯᠡᠳᠪᠦᠷᠢᠯᠡᠯ | ᠪᠣᠷᠣᠯᠠᠭᠤᠯᠭ᠎ᠠ ᠶᠢᠨ ᠬᠠᠮᠵᠢᠯᠴᠠᠭᠠᠨ ᠤ ᠵᠥᠪᠳᠡᠯᠴᠡᠬᠡᠷ ᠤᠨ ᠬᠤᠷᠠᠯ ᠵᠡᠷᠭᠡ ᠲᠣᠮᠣ ᠬᠡᠯᠪᠡᠷᠢ ᠶᠢᠨ ᠦᠵᠡᠰᠬᠦᠯᠡᠩ ᠳᠤ | ᠣᠷᠣᠯᠴᠠᠭᠤᠯᠵᠤ᠂ ᠦᠢᠯᠡᠴᠢᠯᠡᠭᠡᠨ ᠤ ᠪᠠᠲᠤᠯᠠᠭ᠎ᠠ᠂ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠬᠥᠭᠦᠷᠭᠡ | ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠢᠯᠡᠳᠲᠡ ᠪᠣᠳᠠᠲᠤ ᠦᠷ᠎ᠡ ᠪᠦᠲᠦᠮᠵᠢ ᠤᠯᠪᠠ᠃ | ᠠᠮᠤ ᠪᠤᠳᠠᠭᠠᠨ ᠤ ᠠᠷᠠᠯᠵᠢᠶᠠᠨ ᠤ ᠴᠤᠭᠯᠠᠭᠠᠨ ᠤ ᠬᠤᠭᠤᠴᠠᠭᠠᠨ ᠳᠤ᠂ ᠠᠣᠬᠠᠨ ᠬᠤᠰᠢᠭᠤᠨ ᠤ 2 ᠠᠵᠤ ᠠᠬᠤᠶᠢᠯᠠᠯ | ᠲᠤᠬᠠᠶ ᠶᠢᠨ ᠲᠠᠯᠠᠪᠠᠶ ᠳᠤ 180 ᠲᠦᠮᠡᠨ ᠲᠣᠨ ᠨᠠᠷᠢᠮᠤ ᠶᠢᠨ ᠪᠣᠷᠣᠯᠠᠭᠤᠯᠭ᠎ᠠ ᠶᠢᠨ ᠵᠠᠬᠢᠶᠠᠯᠠᠭ᠎ᠠ ᠶᠢᠨ ᠭᠡᠷ᠎ᠡ | ᠲᠣᠭᠲᠠᠵᠤ᠂ 3 ᠠᠵᠤ ᠠᠬᠤᠶᠢᠯᠠᠯ ᠮᠤᠵᠢ ᠶᠢᠨ ᠭᠠᠳᠠᠭᠠᠳᠤ ᠲᠠᠢ ᠬᠤᠯᠪᠣᠭᠳᠠᠭᠰᠠᠨ ᠠᠮᠤ ᠪᠤᠳᠠᠭᠠᠨ ᠤ ᠠᠵᠤ | ᠠᠬᠤᠶᠢᠯᠠᠯ ᠲᠠᠢ ᠰᠠᠨᠠᠮᠵᠢ ᠶᠢᠨ ᠬᠠᠮᠲᠤᠷᠠᠯᠴᠠᠭ᠎ᠠ ᠬᠢᠪᠠ᠃ |