| 2024 ᠣᠨ ᠤ 10 ᠰᠠᠷ᠎ᠠ ᠶᠢᠨ 21 ᠤ ᠡᠳᠦᠷ᠂ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ | ᠲᠥᠪ ᠤᠨ ᠢᠦᠢ ᠰᠢᠩ ᠪᠥᠸᠧ ᠡᠷᠬᠢᠯᠡᠭᠴᠢ 6 ᠬᠦᠮᠦᠰ ᠢ ᠳᠠᠭᠠᠭᠤᠯᠤᠨ ᠰᠢᠩ ᠯᠦᠩ ᠸᠠ ᠪᠠᠯᠭᠠᠰᠤᠨ ᠤ | ᠳᠠᠭᠠᠭᠠᠴᠢᠯᠠᠨ ᠬᠤᠯᠪᠣᠭᠠᠯᠠᠭᠰᠠᠨ ᠲᠣᠰᠬᠤᠨ ᠤ ᠯᠠᠢ ᠼᠣᠣ ᠭᠧᠦ ᠲᠣᠰᠬᠤᠨ᠂ ᠶᠦᠩ ᠶᠤᠸᠠᠨ ᠬᠤᠤ ᠲᠣᠰᠬᠤᠨ᠂ | ᠰᠢᠨ ᠳ᠋ᠢ ᠲᠣᠰᠬᠤᠨ᠂ ᠭᠠᠩ ᠭᠠᠩ ᠲᠣᠰᠬᠤᠨ ᠳᠤ ᠬᠦᠷᠴᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠪᠠ᠃ | ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠳᠠᠭᠠᠭᠠᠴᠢᠯᠠᠨ ᠬᠤᠯᠪᠣᠭᠠᠯᠠᠭᠰᠠᠨ ᠲᠣᠰᠬᠤᠨ ᠤ | ᠺᠠᠳ᠋ᠷ ᠲᠠᠢ ᠰᠣᠯᠢᠯᠴᠠᠨ ᠶᠠᠷᠢᠯᠴᠠᠵᠤ᠂ ᠡᠯ᠎ᠡ ᠳᠠᠭᠠᠭᠠᠴᠢᠯᠠᠨ ᠬᠤᠯᠪᠣᠭᠠᠯᠠᠭᠰᠠᠨ ᠲᠣᠰᠬᠤᠨ ᠤ ᠠᠵᠤ ᠠᠬᠤᠢ ᠶᠢᠨ | ᠬᠥᠭᠵᠢᠯᠲᠡ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠬᠠᠮᠲᠤ ᠶᠢᠨ ᠠᠵᠤ ᠠᠬᠤᠢ᠂ ᠠᠵᠢᠯ | ᠣᠯᠭᠤᠯᠲᠠ ᠪᠠᠷ ᠬᠠᠪᠰᠤᠷᠤᠨ ᠲᠡᠳᠬᠦᠬᠦ ᠵᠡᠷᠭᠡ ᠠᠵᠢᠯ ᠢ ᠥᠷᠨᠢᠭᠦᠯᠦᠭᠰᠡᠨ ᠵᠡᠷᠭᠡ ᠪᠠᠶᠢᠳᠠᠯ ᠵᠢᠴᠢ ᠣᠷᠣᠰᠢᠵᠤ | ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠣᠶᠢᠯᠠᠭᠠᠪᠠ᠃ ᠡᠭᠦᠨ ᠤ ᠬᠠᠮᠲᠤ᠂ ᠶᠠᠳᠠᠭᠤ ᠠᠴᠠ ᠠᠩᠭᠢᠵᠢᠷᠠᠭᠰᠠᠨ | ᠬᠥᠮᠦᠨ ᠠᠮᠠ ᠪᠣᠯᠤᠨ ᠬᠢᠨᠠᠨ ᠬᠡᠮᠵᠢᠬᠦ ᠡᠷᠦᠬᠡ ᠶᠢᠨ ᠬᠡᠷ ᠪᠦᠯᠢ ᠶᠢᠨ ᠬᠥᠮᠦᠨ ᠠᠮᠠ᠂ ᠣᠷᠣᠯᠭ᠎ᠠ ᠶᠢᠨ ᠪᠠᠶᠢᠳᠠᠯ | ᠵᠡᠷᠭᠡ ᠶᠢ ᠨᠠᠷᠢᠨ ᠠᠰᠠᠭᠤᠨ ᠯᠠᠪᠯᠠᠭᠰᠠᠨ ᠪᠥᠭᠡᠳ ᠰᠠᠨᠠᠯ ᠰᠠᠨᠠᠭᠤᠯᠭ᠎ᠠ ᠳᠤᠷᠠᠳᠪᠠ᠃ | ᠳᠠᠭᠠᠭᠠᠴᠢᠯᠠᠨ ᠬᠤᠯᠪᠣᠭᠠᠯᠠᠭᠰᠠᠨ ᠲᠣᠰᠬᠤᠨ ᠤ ᠡᠯ᠎ᠡ ᠲᠠᠯ᠎ᠠ ᠶᠢᠨ ᠪᠠᠶᠢᠳᠠᠯ ᠵᠢᠴᠢ ᠶᠠᠳᠠᠭᠤ ᠠᠴᠠ | ᠠᠩᠭᠢᠵᠢᠷᠠᠭᠰᠠᠨ ᠬᠥᠮᠦᠨ ᠠᠮᠠ ᠪᠣᠯᠤᠨ ᠬᠢᠨᠠᠨ ᠬᠡᠮᠵᠢᠭᠰᠡᠨ ᠡᠷᠦᠬᠡ ᠶᠢᠨ ᠭᠡᠷ ᠪᠦᠯᠢ ᠶᠢᠨ ᠬᠥᠮᠦᠨ ᠠᠮᠠ᠂ | ᠣᠷᠣᠯᠭ᠎ᠠ ᠶᠢᠨ ᠪᠠᠶᠢᠳᠠᠯ ᠢ ᠨᠠᠷᠢᠨ ᠣᠶᠢᠯᠠᠭᠠᠭᠰᠠᠨ ᠤ ᠳᠠᠷᠠᠭ᠎ᠠ᠂ ᠢᠦᠢ ᠰᠢᠩ ᠪᠥᠸᠧ ᠠᠴᠠ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠵᠢᠯ ᠢ ᠰᠠᠶᠢᠲᠤᠷ ᠬᠢᠬᠦ ᠳᠤ ᠨᠢᠭᠡ ᠲᠠᠯ᠎ᠠ ᠪᠠᠷ ᠲᠤᠰ ᠪᠡᠶ᠎ᠡ ᠶᠢᠨ | ᠳᠠᠪᠠᠭᠤᠯᠢᠭ ᠲᠠᠢ ᠪᠠᠨ ᠤᠶᠠᠯᠳᠤᠭᠤᠯᠵᠤ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ | ᠣᠷᠳᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠭᠠᠪᠤᠷᠢ ᠶᠢᠨ ᠱᠠᠭᠠᠷᠳᠠᠯᠭ᠎ᠠ ᠶᠢ ᠢᠳᠡᠪᠬᠢᠲᠡᠢ | ᠴᠤᠤᠷᠢᠶᠠᠲᠤᠨ ᠳᠠᠭᠠᠵᠤ᠂ ᠬᠥᠳᠡᠭᠡ ᠲᠣᠰᠬᠤᠨ ᠤ ᠤᠨᠴᠠᠯᠢᠬᠳᠤ ᠠᠵᠤ ᠦᠢᠯᠡᠰ ᠢ ᠬᠥᠭᠵᠢᠭᠦᠯᠦᠨ | ᠪᠤᠵᠠᠭᠠᠶᠢᠷᠠᠭᠤᠯᠵᠤ᠂ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯᠯᠠᠭ᠎ᠠ ᠶᠢ | ᠰᠠᠶᠢᠲᠤᠷ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ | ᠵᠣᠯᠭᠠᠭᠤᠯᠬᠤ ᠠᠵᠢᠯ ᠢ ᠢᠳᠡᠪᠬᠢᠲᠡᠢ ᠠᠬᠢᠭᠤᠯᠬᠤ ᠬᠡᠷᠡᠭᠲᠡᠢ᠃ ᠬᠠᠨᠳᠤᠯᠭᠠᠲᠤ ᠴᠢᠨᠠᠷᠲᠠᠢ ᠪᠠᠷ ᠬᠠᠪᠰᠤᠷᠤᠨ ᠲᠡᠳᠬᠦᠬᠦ | ᠠᠵᠢᠯ ᠢ ᠥᠷᠨᠢᠭᠦᠯᠵᠦ᠂ ᠠᠵᠢᠯ ᠤᠯᠬᠤ ᠬᠦᠰᠡᠯ ᠲᠠᠢ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠪᠣᠯᠤᠨ ᠬᠢᠨᠠᠨ | ᠬᠡᠮᠵᠢᠬᠦ ᠡᠷᠦᠬᠡ ᠳᠤ ᠤᠷ᠎ᠠ ᠴᠢᠳᠠᠪᠤᠷᠢ ᠶᠢᠨ ᠪᠣᠯᠪᠠᠰᠤᠷᠠᠯ᠂ ᠮᠤᠵᠢ ᠠᠯᠤᠰᠯᠠᠭᠰᠠᠨ ᠵᠠᠮ ᠬᠠᠷᠢᠯᠴᠠᠭᠠᠨ ᠤ ᠨᠥᠬᠦᠪᠥᠷᠢ᠂ | ᠦᠢᠯᠡᠰ ᠪᠤᠰᠬᠠᠬᠤ ᠵᠢᠭᠡᠯᠡᠯᠭᠡ᠂ ᠨᠢᠭᠡ ᠤᠳᠠᠭ᠎ᠠ ᠶᠢᠨ ᠴᠢᠨᠠᠷᠲᠠᠢ ᠦᠢᠯᠡᠰ ᠪᠤᠰᠬᠠᠬᠤ ᠨᠥᠬᠦᠪᠥᠷᠢ ᠵᠡᠷᠭᠡ ᠠᠵᠢᠯ | ᠣᠯᠭᠤᠵᠤ ᠦᠢᠯᠡᠰ ᠪᠤᠰᠬᠠᠬᠤ ᠡᠯ᠎ᠡ ᠵᠦᠢᠯ ᠤᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠭᠦᠢᠴᠡᠳ | ᠠᠰᠢᠭᠯᠠᠵᠤ᠂ ᠠᠵᠢᠯ ᠣᠯᠭᠤᠵᠤ ᠦᠢᠯᠡᠰ ᠪᠤᠰᠬᠠᠬᠤ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠲᠣᠰᠬᠤᠨ ᠤ | ᠠᠷᠠᠳ ᠲᠤ ᠨᠡᠩ ᠤᠯᠠᠨ ᠨᠡᠩ ᠰᠠᠶᠢᠨ ᠠᠵᠢᠯ ᠤᠯᠬᠤ ᠲᠣᠬᠢᠶᠠᠯ ᠬᠠᠩᠭᠠᠬᠤ ᠬᠡᠷᠡᠭᠲᠡᠢ ᠭᠡᠵᠦ ᠵᠢᠭᠠᠨ ᠭᠠᠷᠭᠠᠪᠠ᠃ | ᠯᠠᠢ ᠼᠤᠤ ᠭᠸᠤ ᠲᠣᠰᠬᠤᠨ ᠳᠤ᠂ ᠪᠠᠰᠠ ᠲᠣᠮᠢᠯᠠᠨ ᠰᠠᠭᠤᠯᠭᠠᠭᠰᠠᠨ ᠨᠢᠭᠡᠳᠦᠭᠡᠷ ᠱᠦᠵᠢ ᠲᠠᠢ ᠰᠡᠳᠬᠢᠯ ᠤᠨ | ᠦᠭᠡ ᠪᠠᠨ ᠶᠠᠷᠢᠯᠴᠠᠪᠠ᠃ ᠨᠢᠭᠡᠳᠦᠭᠡᠷ ᠱᠦᠵᠢ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ | ᠪᠠᠶᠢᠭᠤᠯᠤᠨ ᠬᠦᠴᠦᠷᠬᠡᠭᠵᠢᠭᠦᠯᠬᠦ᠂ ᠲᠣᠰᠬᠤᠨ ᠢ ᠬᠦᠴᠦᠷᠬᠡᠭᠵᠢᠭᠦᠯᠦᠨ ᠠᠷᠠᠳ ᠢ ᠪᠠᠶᠠᠵᠢᠭᠤᠯᠬᠤ ᠶᠢ ᠠᠬᠢᠭᠤᠯᠬᠤ᠂ | ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ ᠠᠷᠠᠳ ᠤᠨ ᠲᠥᠯᠥᠭᠡ ᠠᠵᠢᠯ ᠶᠠᠪᠤᠳᠠᠯ ᠰᠢᠢᠳᠪᠦᠷᠢᠯᠡᠬᠦ ᠳᠤ | ᠦᠢᠯᠡᠴᠢᠯᠡᠬᠦ ︽ᠳᠥᠷᠪᠡᠨ ᠵᠦᠢᠯ ᠤᠨ ᠡᠭᠦᠷᠭᠡ ᠬᠠᠷᠢᠭᠤᠴᠠᠯᠭ᠎ᠠ︾ ᠶᠢ ᠨᠠᠷᠢᠨ ᠬᠢᠨᠠᠮᠠᠭᠠᠶ ᠭᠦᠢᠴᠡᠳᠬᠡᠵᠦ᠂ | ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠬᠠᠪᠰᠤᠷᠤᠨ ᠲᠣᠰᠬᠤᠨ ᠤ ᠠᠷᠠᠳ ᠢ ᠬᠠᠪᠰᠤᠷᠤᠨ ᠪᠠᠴᠢᠮ | ᠪᠡᠷᠬᠡ ᠵᠣᠪᠠᠨᠢᠯ ᠤᠨ ᠠᠰᠠᠭᠤᠳᠠᠯ ᠢ ᠰᠢᠢᠳᠪᠦᠷᠢᠯᠡᠬᠦ ᠬᠡᠷᠡᠭᠲᠡᠶ ᠭᠡᠵᠦ ᠱᠠᠭᠠᠷᠳᠠᠪᠠ᠃ |