ᠬᠤᠲᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠭᠡᠷ ᠤᠨ ᠮᠢᠶᠣᠣ ᠰᠢᠤ ᠮᠢᠩ ᠨᠡᠷ ᠮᠠᠨ ᠤ ᠬᠤᠰᠢᠭᠤᠨ ᠳᠤ ᠢᠷᠡᠵᠦ ᠲᠣᠰᠬᠤᠨ ᠳᠤ ᠰᠠᠭᠤᠭ᠎ᠠ ᠬᠠᠪᠰᠤᠷᠤᠨ ᠲᠡᠳᠬᠦᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/10/23
     10 ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠭᠡᠷ ᠤᠨ ᠮᠢᠶᠣᠣ ᠰᠢᠤ ᠮᠢᠩ  ᠵᠡᠷᠭᠡ 5 ᠬᠦᠮᠦᠰ᠂ ᠠᠤᠬᠠᠨ ᠬᠤᠰᠢᠭᠤᠨ ᠤ ᠮᠠᠨᠢᠬᠠᠨ ᠰᠢᠶᠠᠩ ᠤᠨ ᠱᠤᠸᠠᠩ ᠮᠢᠶᠣᠣ ᠲᠣᠰᠬᠤᠨ ᠳᠤ ᠬᠦᠷᠴᠦ ᠲᠣᠰᠬᠤᠨ ᠳᠤ ᠰᠠᠭᠤᠭ᠎ᠠ ᠬᠠᠪᠰᠤᠷᠤᠨ ᠲᠡᠳᠬᠦᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠵᠠᠩ ᠴᠢ ᠬᠠᠩ ᠪᠣᠯᠤᠨ ᠤᠯᠤᠰ ᠤᠨ  ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠭᠡᠷ ᠤᠨ ᠭᠤᠤᠯ ᠤᠳᠤᠷᠢᠳᠤᠯᠭ᠎ᠠ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    ᠶᠠᠷᠢᠯᠴᠠᠬᠤ ᠬᠤᠷᠠᠯ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠱᠤᠸᠠᠩ ᠮᠢᠶᠣᠣ ᠲᠣᠰᠬᠤᠨ ᠤ ᠲᠣᠰᠬᠤᠨ ᠳᠤ ᠰᠠᠭᠤᠭ᠎ᠠ ᠬᠠᠪᠰᠤᠷᠤᠨ ᠲᠡᠳᠬᠦᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠢ ᠭᠦᠨᠵᠡᠭᠡᠢ ᠣᠶᠢᠯᠠᠭᠠᠪᠠ᠃ ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ᠂ ᠡᠷᠬᠢᠯᠡᠭᠴᠢ ᠮᠢᠶᠣᠣ ᠰᠢᠤ ᠮᠢᠩ ᠤᠷᠢᠳ ᠬᠤᠵᠢᠳ ᠪᠠᠢ ᠯᠢᠦ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠤᠤᠯ ᠤᠨ ᠨᠠᠷᠢᠮᠤ ᠪᠣᠯᠪᠠᠰᠤᠷᠠᠭᠤᠯᠬᠤ ᠦᠢᠯᠡᠳᠪᠦᠷᠢ ᠶᠢᠨ ᠲᠣᠭᠤᠷᠢᠭ᠂ ᠲᠠᠶᠢᠵᠢ ᠠᠶᠢᠯ ᠤᠨ  ᠢᠳᠡᠰᠢᠨ ᠦᠬᠡᠷ ᠲᠡᠵᠢᠭᠡᠨ ᠦᠷᠡᠵᠢᠭᠦᠯᠬᠦ ᠪᠠᠭ᠎ᠠ ᠲᠣᠭᠤᠷᠢᠭ ᠵᠡᠷᠭᠡ ᠭᠠᠵᠠᠷ ᠲᠤ ᠬᠦᠷᠴᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠮᠠᠨᠢᠬᠠᠨ ᠰᠢᠶᠠᠩ ᠲᠣᠰᠬᠤᠨ ᠬᠤᠶᠠᠷ ᠱᠠᠲᠤᠨ ᠤ ᠺᠠᠳ᠋ᠷ ᠪᠣᠯᠤᠨ ᠲᠣᠰᠬᠤᠨ ᠳᠤ ᠰᠠᠭᠤᠭ᠎ᠠ ᠺᠠᠳ᠋ᠷ ᠲᠠᠢ ᠳᠣᠲᠣᠨᠣ ᠪᠠᠷ ᠶᠠᠷᠢᠯᠴᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠷᠭ᠎ᠠ ᠬᠡᠮᠵᠢᠶ᠎ᠡ ᠶᠢ ᠭᠦᠨᠵᠡᠭᠡᠢ ᠰᠤᠳᠤᠯᠵᠤ᠂  ᠮᠢᠶᠣᠣ ᠰᠢᠦ ᠮᠢᠩ ᠠᠴᠠ᠂ ᠬᠥᠳᠡᠭᠡ ᠲᠣᠰᠬᠤᠨ ᠤ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠲᠦᠮᠵᠢᠲᠡᠢ ᠬᠡᠷᠡᠭᠵᠢᠭᠦᠯᠵᠦ᠂ ᠬᠥᠳᠡᠭᠡ ᠲᠣᠰᠬᠤᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠲᠣᠰᠬᠤᠨ ᠢ ᠬᠦᠴᠦᠷᠬᠡᠭᠵᠢᠭᠦᠯᠦᠨ ᠠᠷᠠᠳ ᠢ ᠪᠠᠶᠠᠵᠢᠭᠤᠯᠬᠤ ᠶᠢ ᠦᠨᠳᠦᠰᠦᠨ ᠠᠴᠠ ᠨᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号