ᠠᠤᠬᠠᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ  ᠶᠢ ᠲᠤᠰᠬᠠᠭᠰᠠᠨ ᠮᠡᠳᠡᠭᠡ ᠵᠠᠩᠭᠢ ᠶᠢᠨ ᠠᠵᠢᠯ ᠢ ᠠᠬᠢᠭᠤᠯᠬᠤ ᠶᠠᠷᠢᠯᠴᠠᠬᠤ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2024/10/23
        10 ᠰᠠᠷ᠎ᠠ ᠶᠢᠨ 22 ᠤᠨ ᠡᠳᠦᠷ᠂ ᠠᠤᠬᠠᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤᠯᠤᠰ ᠲᠥᠷᠥ ᠶᠢᠨ ᠵᠥᠪᠯᠡᠯᠭᠡᠨ ᠤ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠭᠰᠠᠨ ᠮᠡᠳᠡᠭᠡ ᠵᠠᠩᠭᠢ ᠶᠢᠨ ᠠᠵᠢᠯ ᠤᠨ ᠲᠡᠷᠢᠭᠦᠨ ᠤ ᠬᠢ ᠶᠢ ᠲᠡᠮᠡᠴᠡᠨ ᠰᠢᠯᠢᠳᠡᠭ ᠢ ᠡᠭᠦᠳᠬᠦ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠵᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠭᠦᠸᠧ ᠬᠤᠸᠠ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠡᠤ ᠢᠦᠶ ᠵᠠᠨ ᠬᠤᠷᠠᠯ ᠢ ᠡᠷᠭᠢᠯᠡᠪᠡ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠡᠯ᠎ᠡ ᠵᠥᠪᠯᠡᠯ ᠠᠯᠪᠠᠨ ᠬᠡᠷ ᠤᠨ ᠡᠷᠬᠢᠯᠡᠭᠴᠢ᠂ ᠳᠡᠳ᠋ ᠡᠷᠬᠢᠯᠡᠭᠴᠢ᠂ ᠬᠤᠯᠪᠣᠭᠳᠠᠯ ᠪᠥᠬᠦᠶ ᠰᠢᠶᠠᠩ ᠪᠠᠯᠭᠠᠰᠤᠨ ᠤ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ᠂ ᠬᠡᠰᠡᠭ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠣᠨᠴᠠ ᠤᠷᠢᠭᠰᠠᠨ ᠮᠡᠳᠡᠭᠡ ᠵᠠᠩᠭᠢᠴᠢ ᠬᠤᠷᠠᠯ ᠳᠤ ᠣᠷᠣᠯᠴᠠᠵᠠᠶ᠃
 C:\Users\Administrator\Desktop\1_副本.jpg
   ᠬᠤᠷᠠᠯ ᠳᠡᠭᠡᠷ᠎ᠡ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠮᠡᠳᠡᠭᠡ ᠵᠠᠩᠭᠢ ᠶᠢᠨ ᠵᠥᠪᠯᠡᠯ ᠤᠨ ᠬᠠᠷᠢᠭᠤᠴᠠᠯᠭᠠᠲᠠᠨ ᠠᠴᠠ ᠵᠢᠯ ᠤᠨ ᠡᠬᠢᠨ ᠠᠴᠠ ᠨᠠᠰᠢᠬᠢ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ  ᠶᠢ ᠲᠤᠰᠬᠠᠭᠰᠠᠨ ᠮᠡᠳᠡᠭᠡ ᠵᠠᠩᠭᠢ ᠶᠢᠨ ᠬᠡᠷᠡᠭᠯᠡᠯᠲᠡ ᠶᠢᠨ ᠪᠠᠶᠢᠳᠠᠯ ᠢ ᠮᠡᠳᠡᠭᠳᠡᠪᠡ᠃ ᠬᠤᠷᠠᠯ ᠳᠤ ᠣᠷᠣᠯᠴᠠᠭᠰᠠᠳ ᠲᠤᠬᠠᠶᠢᠯᠠᠭᠰᠠᠨ ᠠᠵᠢᠯ ᠲᠠᠢ ᠪᠠᠨ ᠤᠶᠠᠯᠳᠤᠭᠤᠯᠤᠨ᠂ ᠮᠡᠳᠡᠭᠡ ᠵᠠᠩᠭᠢ ᠴᠤᠭᠯᠠᠭᠤᠯᠬᠤ᠂ ᠲᠤᠭᠤᠷᠪᠢᠬᠤ ᠶᠢᠨ ᠲᠣᠭᠤᠷᠢᠨ ᠳᠤ ᠶᠠᠷᠢᠯᠴᠠᠨ ᠰᠣᠯᠢᠯᠴᠠᠵᠤ᠂ ᠮᠡᠳᠡᠭᠡ ᠵᠠᠩᠭᠢ ᠶᠢ ᠬᠤᠪᠢᠶᠠᠯᠴᠠᠬᠤ ᠶᠢᠨ ᠲᠣᠭᠤᠷᠢᠨ ᠳᠤ ᠲᠤᠷᠰᠢᠯᠭ᠎ᠠ ᠪᠠᠨ ᠰᠣᠯᠢᠯᠴᠠᠵᠤ᠂ ᠰᠠᠶᠢᠨ ᠰᠠᠶᠢᠬᠠᠨ ᠰᠠᠨᠠᠯ ᠰᠠᠨᠠᠭᠤᠯᠭ᠎ᠠ ᠳᠤᠷᠠᠳᠪᠠ᠃
C:\Users\Administrator\Desktop\2_副本.jpg
    ᠭᠦᠸᠧ ᠬᠤᠸᠠ ᠣᠯᠠᠨ ᠤ ᠳᠤᠷᠠᠳᠤᠭᠰᠠᠨ ᠰᠠᠨᠠᠯ ᠰᠠᠨᠠᠭᠤᠯᠭ᠎ᠠ ᠶᠢ ᠭᠦᠢᠴᠡᠳ ᠨᠤᠲᠠᠯᠠᠵᠤ᠂ ᠨᠢᠭᠡ ᠳᠤ᠂ ᠣᠳᠣᠬᠠᠨ ᠤ ᠨᠡᠶᠢᠭᠡᠮ ᠤᠨ ᠪᠠᠶᠢᠳᠠᠯ ᠠᠷᠠᠳ ᠤᠨ  ᠰᠠᠨᠠᠭ᠎ᠠ ᠶᠢ ᠲᠤᠰᠬᠠᠭᠰᠠᠨ ᠮᠡᠳᠡᠭᠡ ᠵᠠᠩᠭᠢ ᠶᠢᠨ ᠠᠵᠢᠯ ᠤᠨ ᠪᠠᠶᠢᠳᠠᠯ ᠢ ᠭᠦᠢᠴᠡᠳ ᠲᠠᠨᠢᠵᠤ᠂ ᠡᠷᠡᠯᠬᠡᠭᠯᠡᠨ ᠲᠡᠮᠡᠴᠡᠬᠦ ᠡᠷᠴᠢ ᠵᠣᠷᠢᠭ ᠢᠶᠠᠨ ᠬᠥᠪᠴᠢᠯᠡᠵᠦ᠂ ᠣᠶᠤᠨ ᠴᠢᠳᠠᠯ ᠢᠶᠠᠨ ᠲᠥᠪᠯᠡᠷᠡᠭᠦᠯᠦᠨ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠨᠡᠶᠢᠭᠡᠮ ᠤᠨ ᠪᠠᠶᠢᠳᠠᠯ ᠠᠷᠠᠳ ᠤᠨ  ᠰᠠᠨᠠᠭ᠎ᠠ ᠶᠢ ᠲᠤᠰᠬᠠᠭᠰᠠᠨ  ᠮᠡᠳᠡᠭᠡ ᠵᠠᠩᠭᠢ ᠶᠢ ᠢᠳᠡᠪᠬᠢᠲᠡᠶ ᠲᠤᠭᠤᠷᠪᠢᠨ ᠪᠢᠴᠢᠵᠦ᠂ ᠨᠡᠶᠢᠭᠡᠮ ᠤᠨ ᠪᠠᠶᠢᠳᠠᠯ ᠠᠷᠠᠳ ᠤᠨ  ᠰᠠᠨᠠᠭ᠎ᠠ ᠶᠢ ᠲᠤᠰᠬᠠᠭᠰᠠᠨ  ᠮᠡᠳᠡᠭᠡ ᠵᠠᠩᠭᠢ ᠶᠢᠨ ᠠᠵᠢᠯ ᠤᠨ ᠰᠢᠯᠢᠳᠡᠭ ᠬᠢᠷᠢ ᠪᠦᠲᠦᠮᠵᠢ ᠶᠢ ᠪᠠᠲᠤᠯᠠᠬᠤ ᠳᠤ ᠬᠦᠴᠦᠨ ᠨᠡᠮᠡᠷᠢᠯᠡᠬᠦ ᠬᠡᠷᠡᠭᠲᠡᠶ᠃ ᠬᠤᠶᠠᠷ ᠲᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠭᠰᠠᠨ ᠮᠡᠳᠡᠭᠡ ᠵᠠᠩᠭᠢ ᠶᠢ ᠪᠢᠴᠢᠬᠦ ᠡᠷᠴᠢᠮ ᠢᠶᠠᠨ ᠴᠢᠩᠭᠠᠷᠠᠭᠤᠯᠵᠤ᠂ ᠳᠡᠭᠡᠳᠦ ᠱᠠᠲᠤᠨ ᠤ ᠤᠯᠤᠰ ᠲᠦᠷᠦ ᠶᠢᠨ ᠵᠥᠪᠯᠡᠯᠭᠡᠨ ᠤ ᠮᠡᠳᠡᠭᠡ ᠵᠠᠩᠭᠢ ᠶᠢᠨ ᠠᠵᠢᠯ ᠤᠨ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠮᠡᠳᠡᠭᠡ ᠵᠠᠩᠭᠢ ᠶᠢᠨ ᠰᠡᠳᠦᠪ ᠢ ᠰᠣᠩᠭᠤᠨ ᠴᠤᠭᠯᠠᠭᠤᠯᠤᠨ ᠡᠮᠬᠢᠳᠬᠡᠬᠦ ᠶᠢ ᠴᠢᠬᠤᠯᠠᠴᠢᠯᠠᠵᠤ᠂ ᠠᠵᠢᠯ ᠤᠨ ᠪᠠᠶᠢᠴᠠᠭᠠᠨ ᠰᠤᠳᠤᠯᠤᠯᠲᠠ ᠶᠢ ᠴᠢᠩᠭᠠᠳᠬᠠᠵᠤ᠂ ᠴᠢᠨᠠᠷ ᠰᠠᠶᠢᠲᠠᠢ ᠨᠡᠶᠢᠭᠡᠮ ᠤᠨ ᠪᠠᠶᠢᠳᠠᠯ ᠠᠷᠠᠳ ᠤᠨ  ᠰᠠᠨᠠᠭ᠎ᠠ ᠶᠢ ᠲᠤᠰᠬᠠᠭᠰᠠᠨ ᠮᠡᠳᠡᠭᠡ ᠵᠠᠩᠭᠢ ᠶᠢ ᠪᠢᠴᠢᠵᠦ᠂ ᠮᠡᠳᠡᠭᠡ ᠵᠠᠩᠭᠢ ᠶᠢ ᠴᠤᠭᠯᠠᠭᠤᠯᠤᠨ ᠬᠡᠷᠡᠭᠯᠡᠬᠦ ᠨᠤᠷᠮ᠎ᠠ ᠶᠢ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ᠂ ︽ᠪᠥᠬᠦ ᠠᠵᠢᠯᠲᠠᠨ ᠤ ᠮᠡᠳᠡᠭᠡ ᠵᠠᠩᠭᠢ ᠶᠢᠨ ᠦᠵᠡᠯᠲᠡ︾ ᠶᠢ ᠬᠦᠴᠦᠲᠡᠶ ᠨᠠᠶᠢᠳᠠᠪᠤᠷᠢᠵᠢᠭᠤᠯᠵᠤ᠂ ᠭᠡᠰᠢᠭᠦᠳ ᠤᠨ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠭᠰᠠᠨ ᠮᠡᠳᠡᠭᠡ ᠵᠠᠩᠭᠢ ᠶᠢ ᠲᠤᠰᠢᠶᠠᠬᠤ ᠬᠠᠲᠠᠭᠤ ᠱᠠᠭᠠᠷᠳᠠᠯᠭ᠎ᠠ ᠶᠢ ᠨᠠᠷᠢᠨ ᠬᠢᠨᠠᠮᠠᠭᠠᠶ ᠪᠡᠶᠡᠯᠡᠭᠦᠯᠵᠦ᠂ ᠨᠠᠮ ᠵᠠᠰᠠᠭ ᠤᠨ ᠠᠵᠢᠯ ᠤᠨ ᠭᠤᠤᠯᠳᠠᠯᠭ᠎ᠠ᠂ ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠬᠠᠯᠠᠮᠰᠢᠯ ᠠᠰᠠᠭᠤᠳᠠᠯ᠂ ᠨᠡᠶᠢᠭᠡᠮ ᠤᠨ ᠵᠠᠰᠠᠯᠲᠠ ᠶᠢᠨ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠨᠢᠭᠡ ᠰᠡᠳᠬᠢᠯ ᠢᠶᠠᠷ ᠰᠤᠳᠤᠯᠵᠤ᠂ ᠳᠠᠯᠳᠠ ᠬᠦᠴᠦᠨ ᠢᠶᠠᠨ ᠠᠭᠤᠳᠠᠯᠤᠨ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠡᠩᠨᠡᠭᠡᠨ ᠤ ᠨᠡᠶᠢᠯᠡᠮᠡᠯ ᠬᠦᠴᠦᠨ ᠢ ᠭᠦᠢᠴᠡᠳ ᠪᠠᠳᠠᠷᠠᠭᠤᠯᠵᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠭᠰᠠᠨ ᠮᠡᠳᠡᠭᠡ ᠵᠠᠩᠭᠢ ᠶᠢᠨ ᠠᠵᠢᠯ ᠤᠨ ᠳᠠᠬᠢᠨ ᠰᠢᠨ᠎ᠡ ᠲᠦᠪᠰᠢᠨ ᠳᠤ ᠭᠠᠷᠬᠤ ᠶᠢ ᠠᠬᠢᠭᠤᠯᠵᠤ᠂ ᠳᠠᠬᠢᠨ ᠰᠢᠨ᠎ᠡ ᠰᠢᠯᠢᠳᠡᠭ ᠠᠮᠵᠢᠯᠲᠠ ᠤᠯᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号