| ᠬᠥᠮᠦᠰ ᠤᠨ ᠣᠷᠣᠰᠢᠨ ᠰᠠᠭᠤᠬᠤ ᠣᠷᠴᠢᠨ ᠨᠦᠭᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ | ᠳᠡᠭᠡᠭᠰᠢᠯᠡᠭᠦᠯᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠨᠦᠭᠦᠴᠡᠯ ᠢ ᠴᠡᠭᠴᠡᠯᠡᠨ ᠵᠠᠰᠠᠭᠰᠠᠨ ᠦᠷ᠎ᠡ | ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠴᠡᠪᠡᠷ ᠴᠡᠮᠴᠡᠭᠡᠷ᠂ ᠦᠵᠡᠰᠬᠦᠯᠡᠩᠲᠦ ᠰᠠᠶᠢᠬᠠᠨ ᠣᠷᠣᠰᠢᠨ | ᠰᠠᠭᠤᠬᠤ ᠳᠤ ᠲᠣᠬᠢᠷᠠᠮᠵᠢᠲᠠᠶ ᠬᠥᠳᠡᠭᠡ ᠲᠣᠰᠬᠤᠨ ᠤ ᠳᠦᠷᠰᠦ ᠪᠠᠶᠢᠳᠠᠯ ᠢ ᠪᠤᠢ ᠪᠣᠯᠭᠠᠬᠤ ᠶᠢᠨ ᠲᠥᠯᠥᠭᠡ ᠰᠢᠨ | ᠾᠦᠢ ᠪᠠᠯᠭᠠᠰᠤ ᠦᠷᠭᠦᠯᠵᠢᠯᠡᠨ ᠬᠦᠴᠦᠯᠡᠵᠦ᠂ ︽ᠠᠵᠢᠯᠯᠠᠬᠤ︾ ᠪᠠᠷ ᠤᠤᠷ ᠴᠢᠨᠠᠷ ᠢᠶᠠᠨ ᠢᠯᠡᠷᠡᠭᠦᠯᠵᠦ᠂ ︽ | ᠪᠣᠳᠠᠲᠠᠢ︾ ᠪᠠᠷ ᠰᠠᠭᠤᠷᠢ ᠥᠩᠭᠡ ᠶᠢ ᠠᠷᠴᠢᠵᠤ᠂ ᠨᠠᠮ ᠤᠨ ᠭᠡᠰᠢᠭᠦᠨ ᠤᠯᠠᠨ ᠲᠦᠮᠡᠨ᠂ ᠨᠡᠶᠢᠲᠡ ᠶᠢᠨ | ᠠᠰᠠᠷᠠᠮᠵᠢ ᠶᠢᠨ ᠠᠵᠢᠯ ᠤᠨ ᠪᠠᠶᠢᠷᠢ ᠵᠡᠷᠭᠡ ᠤᠯᠠᠨ ᠲᠠᠯ᠎ᠠ ᠶᠢᠨ ᠬᠦᠴᠦᠨ ᠢ ᠵᠣᠬᠢᠶᠠᠨ ᠪᠠᠶᠢᠭᠤᠯᠵᠤ᠂ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠢ ᠴᠡᠪᠡᠷᠯᠡᠬᠦ ᠠᠵᠢᠯ ᠢ ᠪᠦᠬᠦ ᠲᠠᠯ᠎ᠠ ᠪᠠᠷ ᠯᠠᠪᠳᠠᠭᠤᠨ ᠪᠠᠲᠤᠲᠠᠢ ᠥᠷᠨᠢᠭᠦᠯᠪᠡ᠃ | ᠪᠦᠬᠦ ᠠᠵᠢᠯᠲᠠᠳ ᠣᠷᠣᠯᠴᠠᠵᠤ᠂ ᠢᠳᠡᠪᠬᠢᠲᠡᠢ ᠬᠥᠳᠡᠯᠦᠯᠴᠡᠪᠡ᠃ ᠪᠠᠯᠭᠠᠰᠤ ᠲᠣᠰᠬᠤᠨ ᠤ ᠺᠠᠳ᠋ᠷ᠂ ᠨᠠᠮ ᠤᠨ | ᠭᠡᠰᠢᠭᠦᠨ ᠲᠦᠷᠦᠭᠦᠯᠡᠨ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠬᠥᠮᠦᠰ᠂ ᠰᠠᠶᠢᠨ ᠳᠤᠷ᠎ᠠ ᠶᠢᠨ | ᠦᠢᠯᠡᠴᠢᠯᠡᠭᠴᠢ ᠪᠠ ᠥᠷᠭᠡᠨ ᠣᠯᠠᠨ ᠲᠦᠮᠡᠨ ᠢ ᠵᠣᠬᠢᠶᠠᠨ ᠪᠠᠶᠢᠭᠤᠯᠵᠤ᠂ ᠲᠣᠰᠬᠤᠨ ᠤ ᠵᠠᠮ᠂ ᠭᠤᠤᠯ ᠤᠨ ᠵᠠᠮ᠂ | ᠭᠤᠤ ᠰᠤᠪᠠᠭ ᠵᠡᠷᠭᠡ ᠬᠤᠶᠠᠷ ᠬᠠᠵᠠᠭᠤ ᠶᠢᠨ ᠪᠤᠵᠠᠷ ᠡᠪᠡᠰᠦ᠂ ᠬᠤᠪᠠᠭ᠋ᠠᠶ ᠰᠠᠯᠠᠭ᠎ᠠ᠂ ᠴᠠᠭᠠᠨ ᠥᠩᠭᠡᠲᠦ ᠬᠤᠭ | ᠨᠣᠪᠰᠢ᠂ ᠲᠣᠰᠬᠤᠨ ᠤ ᠠᠷᠠᠳ ᠤᠨ ᠬᠡᠷ ᠤᠨ ᠡᠮᠦᠨ᠎ᠡ ᠬᠤᠶᠢᠨ᠎ᠠ ᠳᠤᠷ᠎ᠠ ᠪᠠᠷ ᠢᠶᠠᠨ ᠣᠪᠣᠭᠠᠯᠠᠵᠤ ᠲᠠᠯᠪᠢᠬᠤ ᠡᠯᠳᠡᠪ | ᠪᠣᠳᠠᠰ᠂ ᠬᠠᠷᠰᠢ ᠰᠠᠭᠠᠳ ᠵᠡᠷᠭᠡ ᠶᠢ ︽ᠪᠦᠬᠦᠨ ᠢ ᠬᠠᠮᠤᠷᠬᠤ᠂ ᠲᠣᠤᠷ ᠲᠠᠲᠠᠬᠤ ᠮᠠᠶ᠋ᠢᠭ︾ ᠢᠶᠠᠷ ᠴᠡᠪᠡᠷᠯᠡᠨ | ᠡᠮᠬᠢᠯᠡᠵᠦ᠂ ︽ᠨᠠᠷᠢᠯᠢᠭ︾ ᠲᠠᠯ᠎ᠠ ᠠᠴᠠ ᠭᠠᠷᠳᠠᠵᠤ᠂ ︽ᠪᠣᠳᠠᠲᠠᠶ︾ ᠲᠠᠯ᠎ᠠ ᠠᠴᠠ ᠬᠦᠴᠦᠯᠡᠬᠦ ᠶᠢ ᠪᠠᠷᠢᠮᠲᠠᠯᠠᠵᠤ᠂ | ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠦᠷ᠎ᠡ ᠪᠦᠲᠦᠮᠵᠢ ᠶᠢ ᠲᠠᠰᠤᠷᠠᠯᠲᠠ ᠥᠬᠡᠶ | ᠳᠡᠭᠡᠭᠰᠢᠯᠡᠭᠦᠯᠵᠦ᠂ ᠬᠥᠳᠡᠭᠡ ᠲᠣᠰᠬᠤᠨ ᠤ ︽ᠥᠩᠭᠡ ᠵᠢᠰᠦ︾ ᠶᠢ ᠦᠷᠭᠦᠯᠵᠢᠯᠡᠨ ᠰᠢᠨᠡᠳᠬᠡᠪᠡ᠃ | ᠲᠣᠭᠲᠠᠴᠠ ᠶᠢ ᠪᠠᠶᠢᠭᠤᠯᠤᠨ ᠬᠦᠴᠦᠷᠬᠡᠭᠵᠢᠭᠦᠯᠵᠦ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠪᠠ᠃ | ᠬᠥᠮᠦᠰ ᠤᠨ ᠣᠷᠣᠰᠢᠨ ᠰᠠᠭᠤᠬᠤ ᠣᠷᠴᠢᠨ ᠨᠦᠭᠦᠴᠡᠯ ᠢ ᠴᠡᠭᠴᠡᠯᠡᠨ ᠵᠠᠰᠠᠬᠤ ᠶᠢ ᠪᠠᠶᠢᠩᠭᠤᠵᠢᠭᠤᠯᠬᠤ᠂ ᠤᠷᠳᠤ | ᠬᠤᠭᠤᠴᠠᠭ᠎ᠠ ᠪᠠᠷ ᠪᠦᠲᠦᠮᠵᠢᠲᠡᠢ ᠪᠠᠶᠢᠯᠭᠠᠬᠤ ᠶᠢ ᠪᠠᠷᠢᠮᠲᠠᠯᠠᠵᠤ᠂ ᠭᠤᠣᠯ ᠤᠳᠤᠷᠢᠳᠤᠯᠭ᠎ᠠ ᠪᠦᠬᠦ ᠲᠠᠯ᠎ᠠ ᠪᠠᠷ | ᠠᠳᠬᠤᠬᠤ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠣᠳᠠᠲᠠᠢ ᠠᠳᠬᠤᠬᠤ᠂ ᠲᠣᠰᠬᠤᠨ ᠢ ᠳᠠᠭᠠᠭᠠᠴᠢᠯᠠᠭᠰᠠᠨ | ᠤᠳᠤᠷᠢᠳᠤᠯᠭ᠎ᠠ ᠬᠡᠰᠡᠭ ᠲᠠᠯ᠎ᠠ ᠶᠢ ᠳᠠᠭᠠᠭᠠᠴᠢᠯᠠᠬᠤ᠂ ᠡᠯ᠎ᠡ ᠲᠣᠰᠬᠤᠨ ᠤ ᠨᠠᠮ ᠤᠨ ᠬᠤᠷᠢᠶ᠎ᠠ ᠶᠢᠨ ᠱᠦᠵᠢ | ᠲᠣᠰᠬᠤᠨ ᠢ ᠳᠠᠭᠠᠭᠠᠴᠢᠯᠠᠨ ᠠᠳᠬᠤᠬᠤ ᠶᠢ ᠳᠠᠭᠠᠭᠠᠴᠢᠯᠠᠬᠤ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠪᠡ᠃ | ᠡᠭᠦᠨ ᠤ ᠬᠠᠮᠲᠤ᠂ ︽ᠡᠭᠦᠳᠡᠨ ᠡᠮᠦᠨᠡᠬᠢ ᠳᠥᠷᠪᠡ ᠶᠢ ᠳᠠᠭᠠᠭᠠᠴᠢᠯᠠᠬᠤ︾ ᠲᠦᠷᠢᠮ ᠢ ︽ᠤᠯᠠᠭᠠᠨ ᠬᠠᠷ᠎ᠠ ᠰᠠᠮᠪᠠᠷ᠎ᠠ | ︾ ᠶᠢᠨ ᠦᠨᠡᠯᠡᠨ ᠮᠠᠭᠠᠳᠯᠠᠬᠤ ᠪᠠᠷᠢᠮᠵᠢᠶ᠎ᠠ ᠳᠤ ᠣᠷᠣᠭᠤᠯᠵᠤ᠂ ᠣᠷᠴᠢᠨ ᠠᠬᠤᠶ ᠶᠢ ᠴᠡᠭᠴᠡᠯᠡᠨ ᠵᠠᠰᠠᠭᠰᠠᠨ ᠦᠷ᠎ᠡ | ᠪᠦᠲᠦᠮᠵᠢ ᠪᠠᠷ ᠢᠯᠡᠷᠬᠡᠶ᠂ ᠬᠠᠨᠤᠮᠵᠢ ᠶᠢᠨ ᠬᠡᠮᠵᠢᠶ᠎ᠡ ᠪᠠᠷ ᠨᠡᠯᠢᠶᠡᠳ ᠥᠨᠳᠥᠷ ᠲᠠᠷᠢᠶᠠᠴᠢᠨ ᠡᠷᠦᠬᠡ ᠶᠢ ᠳᠡᠯᠭᠡᠨ | ᠦᠵᠡᠭᠦᠯᠵᠦ᠂ ᠣᠷᠴᠢᠨ ᠠᠬᠤᠶ ᠶᠢ ᠴᠡᠭᠴᠡᠯᠡᠨ ᠵᠠᠰᠠᠭᠰᠠᠨ ᠦᠷ᠎ᠡ ᠪᠦᠲᠦᠮᠵᠢ ᠪᠠᠷ ᠠᠨᠠᠶ ᠲᠠᠷᠢᠶᠠᠴᠢᠨ ᠡᠷᠦᠬᠡ ᠶᠢ | ᠢᠯᠡᠴᠢᠯᠡᠵᠦ᠂ ᠣᠯᠠᠨ ᠲᠦᠮᠡᠨ ᠤ ᠬᠠᠷᠢᠭᠤᠴᠠᠯᠭᠠᠲᠤ ᠰᠡᠳᠬᠢᠯᠭᠡ ᠶᠢ ᠳᠡᠭᠡᠭᠰᠢᠯᠡᠭᠦᠯᠵᠦ᠂ ᠴᠡᠭᠴᠡᠯᠡᠨ ᠵᠠᠰᠠᠭᠰᠠᠨ ᠨᠢ | ᠪᠦᠲᠦᠮᠵᠢᠲᠡᠶ ᠪᠠᠶᠢᠬᠤ ᠶᠢ ᠦᠨᠡᠨᠬᠦ ᠪᠠᠲᠤᠯᠠᠪᠠ᠃ | ᠦᠷᠭᠦᠯᠵᠢᠯᠡᠨ ᠤᠬᠠᠭᠤᠯᠵᠤ᠂ ᠬᠥᠲᠥᠯᠥᠨ ᠵᠢᠯᠣᠭᠤᠳᠬᠤ ᠶᠢ ᠴᠢᠩᠭᠠᠳᠬᠠᠪᠠ᠃ ᠠᠮᠢ ᠠᠬᠤᠶ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠤᠬᠠᠭᠤᠯᠭ᠎ᠠ ᠬᠥᠮᠦᠵᠢᠯ ᠤᠨ ᠡᠷᠴᠢᠮ ᠢ ᠴᠢᠩᠭᠠᠷᠠᠭᠤᠯᠵᠤ᠂ ᠸᠢᠴᠠᠲ ᠤᠨ ᠪᠦᠯᠦᠭ᠂ | ᠪᠦᠷᠢᠶ᠎ᠡ᠂ ᠡᠷᠦᠬᠡ ᠳᠤ ᠬᠦᠷᠴᠦ ᠰᠤᠷᠪᠤᠯᠵᠢᠯᠠᠬᠤ ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ᠂ | ᠣᠷᠴᠢᠨ ᠠᠬᠤᠶ ᠶᠢᠨ ᠡᠷᠡᠭᠦᠯ ᠬᠠᠮᠠᠭᠠᠯᠠᠯ ᠤᠨ ᠴᠢᠬᠤᠯᠠ ᠴᠢᠨᠠᠷ ᠵᠢᠴᠢ ᠣᠷᠴᠢᠨ ᠠᠬᠤᠶ ᠶᠢ ᠴᠡᠭᠴᠡᠯᠡᠨ ᠵᠠᠰᠠᠬᠤ | ᠴᠢᠬᠤᠯᠠ ᠠᠴᠢ ᠬᠤᠯᠪᠣᠭᠳᠠᠯ ᠢ ᠥᠷᠭᠡᠨ ᠢᠶᠠᠷ ᠤᠬᠠᠭᠤᠯᠵᠤ᠂ ᠣᠯᠠᠨ ᠲᠦᠮᠡᠨ ᠢ ᠬᠥᠲᠥᠯᠦᠨ ᠵᠢᠯᠣᠭᠤᠳᠴᠤ | ᠪᠠᠶᠢᠭᠠᠳ ︽ᠨᠠᠳᠠ ᠪᠠᠷ ᠣᠷᠣᠯᠴᠠᠭᠤᠯᠵᠤ︾ ᠪᠠᠶᠢᠭᠰᠠᠨ ᠠᠴᠠ ︽ᠪᠢ ᠰᠠᠶᠢᠨ ᠳᠤᠷ᠎ᠠ ᠠᠴᠠ ᠪᠠᠨ ᠣᠷᠣᠯᠴᠠᠬᠤ︾ | ᠪᠣᠯᠭᠠᠨ ᠬᠤᠪᠢᠷᠠᠭᠤᠯᠵᠤ᠂ ᠣᠷᠴᠢᠨ ᠠᠬᠤᠶ ᠶᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠬᠠᠮᠲᠤ ᠪᠠᠷ | ᠪᠣᠶ ᠪᠣᠯᠭᠠᠵᠤ᠂ ᠣᠷᠴᠢᠨ ᠠᠬᠤᠶ ᠶᠢ ᠬᠠᠮᠠᠭᠠᠯᠠᠬᠤ ᠠᠮᠢᠳᠤᠷᠠᠯ ᠢ ᠬᠡᠪ ᠵᠠᠩᠰᠢᠯ ᠪᠣᠯᠭᠠᠵᠤ᠂ ᠬᠥᠮᠦᠨ ᠨᠢᠭᠡᠪᠦᠷᠢ ᠶᠢ | ᠴᠥᠮ ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠭᠴᠢ᠂ ᠦᠢᠯᠡᠳᠦᠯᠭᠡᠵᠢᠭᠦᠯᠦᠭᠴᠢ ᠪᠣᠯᠭᠠᠨ᠎ᠠ᠃ | ᠰᠢᠨ ᠾᠦᠢ ᠪᠠᠯᠭᠠᠰᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ᠡᠷᠴᠢ ᠵᠣᠷᠢᠭ ᠢᠶᠠᠨ ᠦᠷᠭᠦᠯᠵᠢᠯᠡᠨ ᠭᠦᠢᠴᠡᠳ ᠪᠠᠳᠠᠷᠠᠭᠤᠯᠵᠤ᠂ | ᠬᠥᠮᠦᠰ ᠤᠨ ᠣᠷᠣᠰᠢᠨ ᠰᠠᠭᠤᠬᠤ ᠣᠷᠴᠢᠨ ᠨᠦᠭᠦᠴᠡᠯ ᠢ ᠴᠡᠭᠴᠡᠯᠡᠨ ᠵᠠᠰᠠᠬᠤ ᠠᠵᠢᠯ ᠢ ᠪᠦᠬᠦ ᠬᠦᠴᠦᠨ ᠢᠶᠠᠷ ᠢᠶᠠᠨ | ᠠᠬᠢᠭᠤᠯᠵᠤ᠂ ᠴᠡᠪᠡᠷ ᠴᠡᠮᠴᠡᠭᠡᠷ᠂ ᠭᠤᠶᠤ ᠰᠠᠶᠢᠬᠠᠨ ᠣᠷᠣᠰᠢᠨ ᠰᠠᠭᠤᠬᠤ ᠣᠷᠴᠢᠨ ᠨᠦᠭᠦᠴᠡᠯ ᠢ ᠦᠷᠭᠦᠯᠵᠢᠯᠡᠨ | ᠡᠭᠦᠳᠦᠨ ᠪᠠᠶᠢᠭᠤᠯᠵᠤ᠂ ᠬᠥᠳᠡᠭᠡ ᠲᠣᠰᠬᠤᠨ ᠤ ︽ᠥᠩᠭᠡ ᠵᠢᠰᠦ︾ ᠶᠢ ᠲᠠᠰᠤᠷᠠᠯᠲᠠ ᠦᠭᠡᠢ ᠭᠤᠶᠣᠯᠠᠬᠤ ᠪᠠ | ᠤᠯᠠᠨ ᠲᠦᠮᠡᠨ ᠤ ︽ᠵᠣᠯ ᠵᠢᠷᠭᠠᠯ ᠤᠨ ᠵᠢᠭᠠᠯᠲᠠ ᠲᠤᠭ᠎ᠠ︾ ᠶᠢ ᠳᠡᠭᠡᠭᠰᠢᠯᠡᠭᠦᠯᠵᠦ᠂ ᠰᠢᠨ ᠾᠦᠢ ᠪᠠᠯᠭᠠᠰᠤ ᠶᠢᠨ | ᠦᠵᠡᠰᠬᠦᠯᠡᠩᠲᠦ ᠰᠠᠶᠢᠬᠠᠨ ᠵᠣᠯ ᠵᠢᠷᠭᠠᠯ ᠤᠨ ᠰᠢᠨ᠎ᠡ ᠬᠠᠭᠤᠳᠠᠰᠤ ᠶᠢ ᠵᠢᠷᠤᠭᠯᠠᠨ᠎ᠠ᠃ |