ᠠᠤᠬᠠᠨ ᠬᠤᠰᠢᠭᠤᠨ ᠤ ᠬᠤᠪᠢᠶᠠᠷᠢ ᠲᠣᠪᠴᠢᠶ᠎ᠠ ᠭᠤᠷᠪᠠᠨ ᠰᠠᠯᠠᠭ᠎ᠠ ᠮᠥᠴᠢᠷ ᠲᠠᠢ ᠬᠠᠮᠲᠤᠷᠠᠨ ᠴᠠᠶᠢᠶ᠋ᠢᠦ ᠲᠣᠰᠣᠨ ᠤ ᠪᠠᠷᠠᠭᠠᠨ ᠤ ᠲᠡᠷᠭᠡ ᠶᠢᠨ ᠵᠠᠮ ᠤᠨ ᠪᠠᠶᠢᠴᠠᠭᠠᠯᠲᠠ ᠶᠢᠨ ᠠᠵᠢᠯ ᠢ ᠬᠠᠮᠲᠤ ᠪᠠᠷ ᠥᠷᠨᠢᠭᠦᠯᠪᠡ
ᠨᠡᠶᠢᠲᠡᠯᠡᠭᠰᠡᠨ ᠴᠠᠭ᠄
2024/10/24
    ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠴᠠᠶᠢᠶ᠋ᠢᠦ ᠲᠣᠰᠣᠨ ᠤ ᠪᠠᠷᠠᠭᠠᠨ ᠤ ᠲᠡᠷᠭᠡ ᠶᠢᠨ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠪᠠᠭᠠᠰᠬᠠᠨ᠂ ᠠᠤᠬᠠᠨ ᠬᠤᠰᠢᠭᠤᠨ ᠤ ᠠᠭᠠᠷ ᠤᠨ ᠶᠠᠰᠤ ᠴᠢᠨᠠᠷ ᠤᠨ ᠤᠯᠠᠮ ᠨᠢᠭᠡ ᠠᠯᠬᠤᠮ ᠰᠠᠶᠢᠵᠢᠷᠠᠬᠤ ᠶᠢ ᠠᠬᠢᠭᠤᠯᠬᠤ ᠶᠢᠨ ᠲᠥᠯᠥᠭᠡ᠂ ᠣᠶᠢᠷ᠎ᠠ ᠶᠢᠨ ᠬᠤᠭᠤᠴᠠᠭᠠᠨ ᠳᠤ᠂ ᠠᠤᠬᠠᠨ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠵᠣᠬᠢᠴᠠᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠵᠤ᠂ ᠵᠠᠮ ᠬᠠᠷᠢᠯᠴᠠᠭ᠎ᠠ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠠᠭ᠎ᠠ ᠮᠥᠴᠢᠷ ᠲᠠᠢ ᠬᠠᠮᠲᠤᠷᠠᠨ᠂ ᠲᠡᠷᠭᠡᠨ ᠤ ᠤᠷᠤᠰᠬᠠᠯ ᠤᠨ ᠬᠡᠮᠵᠢᠶ᠎ᠡ ᠨᠡᠯᠢᠶᠡᠳ ᠶᠡᠭᠡ ᠤᠯᠤᠰ ᠤᠨ ᠵᠠᠮ ᠤᠨ ᠣᠶᠢᠷ᠎ᠠ ᠬᠠᠪᠢ ᠳᠤ ᠴᠡᠭ ᠭᠠᠷᠭᠠᠵᠤ᠂ ᠨᠠᠮᠤᠷ ᠡᠪᠦᠯ ᠤᠨ ᠤᠯᠠᠷᠢᠯ ᠤᠨ ᠮᠠᠰᠢᠨᠲᠤ ᠲᠡᠷᠭᠡᠨ ᠤ ᠤᠳᠤᠭ᠎ᠠ ᠬᠡᠢ ᠶᠢᠨ ᠵᠠᠮ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠪᠡ᠃    ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠪᠣᠯᠤᠨ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠨᠢᠭᠲᠠ ᠬᠠᠮᠵᠢᠯᠴᠠᠵᠤ᠂ ᠨᠠᠰᠢ ᠴᠠᠰᠢ ᠥᠩᠭᠡᠷᠡᠬᠦ ᠲᠡᠷᠭᠡ ᠬᠥᠰᠬᠡ ᠶᠢ ᠪᠠᠶᠢᠴᠠᠭᠠᠨ ᠬᠡᠮᠵᠢᠬᠦ ᠴᠡᠭ ᠲᠤ ᠬᠦᠷᠴᠦ ᠪᠠᠶᠢᠴᠠᠭᠠᠨ ᠬᠡᠮᠵᠢᠬᠦ ᠶᠢ ᠡᠮᠬᠢ ᠵᠢᠷᠤᠮ ᠲᠠᠢ ᠪᠠᠷ ᠬᠥᠲᠥᠯᠦᠨ ᠵᠢᠯᠣᠭᠤᠳᠴᠤ᠂ ᠲᠡᠷᠭᠡᠨ ᠤ ᠡᠵᠡᠨ ᠳᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠲᠣᠭᠲᠠᠭᠠᠯ ᠢ ᠢᠳᠡᠪᠬᠢᠲᠡᠶ ᠤᠬᠠᠭᠤᠯᠵᠤ᠂ ᠲᠡᠷᠭᠡᠨ ᠤ ᠡᠵᠡᠨ ᠳᠤ ᠲᠡᠷᠭᠡ ᠬᠥᠰᠬᠡ ᠶᠢ ᠬᠠᠮᠠᠭᠠᠯᠠᠬᠤ ᠪᠠ ᠣᠨ ᠤ ᠪᠠᠶᠢᠴᠠᠭᠠᠯᠲᠠ ᠶᠢ ᠴᠢᠩᠭᠠᠳᠬᠠᠵᠤ᠂ ᠲᠡᠷᠭᠡᠨ ᠤ ᠡᠵᠡᠨ ᠤ ᠬᠠᠤᠯᠢ ᠴᠠᠭᠠᠵᠠ ᠶᠢᠨ ᠦᠵᠡᠯ ᠤᠬᠠᠮᠰᠠᠷ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠵᠡᠯ ᠤᠬᠠᠮᠰᠠᠷ ᠢ ᠴᠢᠩᠭᠠᠷᠠᠭᠤᠯᠬᠤ ᠶᠢ ᠰᠠᠨᠠᠭᠤᠯᠪᠠ᠃ ᠡᠭᠦᠨ ᠤ ᠬᠠᠮᠲᠤ᠂ ᠠᠪᠴᠤ ᠶᠠᠪᠤᠬᠤ ᠳᠤ ᠳᠥᠭᠦᠮ ᠲᠥᠬᠦᠭᠡᠷᠦᠮᠵᠢ ᠪᠠᠷ ᠮᠠᠰᠢᠨ ᠲᠡᠷᠭᠡᠨ ᠤ ᠰᠡᠭᠦᠯ ᠤᠨ ᠬᠡᠢ ᠶᠢ ᠪᠠᠶᠢᠴᠠᠭᠠᠨ  ᠰᠢᠯᠭᠠᠪᠠ᠃ ᠣᠳᠣᠬᠠᠨ ᠪᠣᠯᠲᠠᠯ᠎ᠠ᠂ ᠨᠡᠶᠢᠲᠡ 47 ᠮᠠᠰᠢᠨ ᠲᠡᠷᠭᠡᠨ ᠤ ᠰᠡᠭᠦᠯ ᠤᠨ ᠬᠡᠶ ᠶᠢ ᠰᠢᠯᠭᠠᠨ ᠪᠠᠶᠢᠴᠠᠭᠠᠵᠤ ᠳᠠᠭᠤᠰᠬᠠᠪᠠ᠃    ᠲᠠᠷᠠᠭᠠᠴᠢ ᠶᠢᠨ ᠠᠯᠬᠤᠮ ᠳᠤ᠂ ᠠᠤᠬᠠᠨ ᠬᠤᠰᠢᠭᠤᠨ ᠤ ᠬᠤᠪᠢᠶᠠᠷᠢ ᠲᠣᠪᠴᠢᠶ᠎ᠠ ᠦᠷᠭᠦᠯᠵᠢᠯᠡᠨ ︽ᠤᠯᠠᠭᠠᠨᠬᠠᠳᠠ ᠬᠤᠲᠠ ᠶᠢᠨ ᠴᠠᠶᠢᠶ᠋ᠢᠦ ᠲᠣᠰᠣᠨ ᠤ ᠪᠠᠷᠠᠭᠠᠨ ᠤ ᠲᠡᠷᠭᠡ ᠶᠢᠨ ᠲᠤᠰᠬᠠᠶ ᠵᠠᠰᠠᠯᠲᠠ ᠶᠢᠨ ᠠᠵᠢᠯ ᠤᠨ ᠲᠥᠰᠦᠯ︾ ᠤᠨ ᠱᠠᠭᠠᠷᠳᠠᠯᠭ᠎ᠠ ᠶᠣᠰᠣᠭᠠᠷ᠂ ᠴᠠᠶᠢᠶ᠋ᠢᠦ ᠲᠣᠰᠣᠨ ᠤ ᠪᠠᠷᠠᠭᠠᠨ ᠤ ᠲᠡᠷᠭᠡ ᠶᠢᠨ ᠪᠣᠬᠢᠷᠲᠤᠯ ᠢ ᠵᠠᠰᠠᠬᠤ ᠲᠤᠰᠬᠠᠶ ᠠᠵᠢᠯᠯᠠᠭ᠎ᠠ ᠶᠢ ᠲᠦᠷᠭᠡᠳᠬᠡᠨ ᠠᠬᠢᠭᠤᠯᠵᠤ᠂ ᠠᠮᠢ ᠠᠬᠤᠶ ᠣᠷᠴᠢᠨ ᠲᠣᠭᠤᠷᠢᠨ ᠤ ᠰᠠᠯᠠᠭ᠎ᠠ ᠮᠥᠴᠢᠷ ᠤᠨ ᠪᠠᠶᠢᠴᠠᠭᠠᠨ ᠰᠢᠯᠭᠠᠵᠤ ᠭᠡᠷᠡᠴᠢ ᠠᠪᠬᠤ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠰᠢᠳᠬᠡᠯ᠂ ᠵᠠᠮ ᠲᠡᠭᠡᠭᠡᠪᠦᠷᠢ ᠶᠢᠨ ᠰᠠᠯᠠᠭ᠎ᠠ ᠮᠥᠴᠢᠷ ᠤᠨ ᠬᠢᠨᠠᠨ ᠬᠠᠮᠢᠶᠠᠷᠴᠤ ᠭᠡᠷᠡᠴᠢ ᠠᠪᠬᠤ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠬᠢᠨᠠᠨ ᠬᠠᠮᠢᠶᠠᠷᠴᠤ ᠭᠡᠷᠡᠴᠢ ᠠᠪᠬᠤ᠂ ᠵᠠᠮ ᠲᠡᠭᠡᠭᠡᠪᠦᠷᠢ ᠶᠢᠨ ᠰᠠᠯᠠᠭ᠎ᠠ ᠮᠥᠴᠢᠷ ᠤᠨ ᠬᠢᠨᠠᠨ ᠬᠠᠮᠢᠶᠠᠷᠴᠤ ᠭᠡᠷᠡᠴᠢ ᠠᠪᠬᠤ᠂ ᠵᠠᠮ ᠬᠠᠷᠢᠯᠴᠠᠭᠠᠨ ᠤ ᠪᠠᠶᠢᠴᠠᠭᠠᠯᠲᠠ ᠬᠢᠬᠦ ᠪᠠ ᠡᠷᠦᠬᠡ ᠳᠤ ᠣᠷᠣᠵᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠣᠨ ᠤ ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠠᠤᠬᠠᠨ ᠬᠤᠰᠢᠭᠤᠨ ᠤ ᠠᠭᠠᠷ ᠤᠨ ᠶᠠᠰᠤ ᠴᠢᠨᠠᠷ ᠢ ᠲᠠᠰᠤᠷᠠᠯᠲᠠ ᠥᠬᠡᠶ ᠰᠠᠶᠢᠵᠢᠷᠠᠭᠤᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号