ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶ ᠰᠢᠤᠢ ᠳ᠋ᠦᠩ ᠡᠯ᠎ᠡ ᠰᠢᠶᠠᠩ ᠪᠠᠯᠭᠠᠰᠤᠨ ᠳᠤ ᠬᠦᠷᠴᠦ ᠡᠷᠦᠬᠡ ᠳᠤ ᠣᠷᠣᠵᠤ ᠬᠢᠨᠠᠨ ᠬᠡᠮᠵᠢᠬᠦ ᠡᠷᠦᠬᠡ ᠵᠢᠴᠢ ᠠᠶᠤᠯ ᠲᠦᠭᠰᠢᠭᠦᠷᠢ ᠶᠢ ᠠᠷᠢᠯᠭᠠᠬᠤ ᠡᠷᠦᠬᠡ ᠶᠢ ᠰᠤᠷᠪᠤᠯᠵᠢᠯᠠᠪᠠ
ᠨᠡᠶᠢᠲᠡᠯᠡᠭᠰᠡᠨ ᠴᠠᠭ᠄
2024/10/24
    ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠥᠬᠦ ᠲᠠᠯ᠎ᠠ ᠪᠠᠷ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠬᠦ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠠᠤᠬᠠᠨ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶ ᠰᠢᠤᠢ ᠳ᠋ᠦᠩ ᠪᠥᠬᠦ ᠬᠤᠰᠢᠭᠤᠨ ᠤ ᠡᠯ᠎ᠡ ᠰᠢᠶᠠᠩ ᠪᠠᠯᠭᠠᠰᠤᠨ ᠳᠤ ᠬᠦᠷᠴᠦ ᠬᠢᠨᠠᠨ ᠬᠡᠮᠵᠢᠬᠦ ᠡᠷᠦᠬᠡ ᠵᠢᠴᠢ ᠲᠦᠭᠰᠢᠭᠦᠷᠢ ᠶᠢ ᠠᠷᠢᠯᠭᠠᠬᠤ ᠡᠷᠦᠬᠡ ᠶᠢ ᠰᠤᠷᠪᠤᠯᠵᠢᠯᠠᠵᠤ᠂ ᠲᠠᠷᠢᠶᠠᠴᠢᠨ ᠡᠷᠦᠬᠡ ᠶᠢᠨ ᠬᠡᠷ ᠪᠦᠯᠢ ᠵᠢᠴᠢ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠭᠦᠨᠵᠡᠭᠡᠶ ᠣᠶᠢᠯᠠᠭᠠᠪᠠ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠠᠷᠤᠭ᠎ᠠ ᠵᠠᠩ ᠬᠤᠩ ᠹᠧᠩ᠂ ᠡᠯ᠎ᠡ ᠰᠢᠶᠠᠩ ᠪᠠᠯᠭᠠᠰᠤᠨ ᠤ ᠭᠤᠤᠯ ᠬᠠᠷᠢᠭᠤᠴᠠᠯᠭᠠᠲᠠᠨ ᠪᠠᠷ᠎ᠠ ᠪᠣᠯᠪᠠ᠃    ᠡᠷᠦᠬᠡ ᠳᠤ ᠣᠷᠣᠵᠤ ᠰᠤᠷᠪᠤᠯᠵᠢᠯᠠᠬᠤ ᠶᠠᠪᠤᠴᠠ ᠳᠤ᠂ ᠵᠢᠶ ᠰᠢᠤᠢ ᠳ᠋ᠦᠩ ᠲᠠᠷᠢᠶᠠᠴᠢᠨ ᠡᠷᠦᠬᠡ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠪᠡᠶ᠎ᠡ ᠮᠠᠬᠠᠪᠣᠳ ᠤᠨ ᠪᠠᠶᠢᠳᠠᠯ᠂ ᠬᠡᠷ ᠪᠦᠯᠢ ᠶᠢᠨ ᠪᠦᠷᠢᠯᠳᠦᠬᠦᠨ᠂ ᠦᠢᠯᠡᠳᠪᠦᠷᠢᠯᠡᠯ ᠠᠮᠢᠳᠤᠷᠠᠯ᠂ ᠠᠵᠤ ᠠᠬᠤᠶ ᠶᠢᠨ ᠣᠷᠣᠯᠭ᠎ᠠ ᠵᠡᠷᠭᠡ ᠪᠠᠶᠢᠳᠠᠯ ᠢ ᠨᠠᠷᠢᠨ ᠨᠢᠮᠪᠠᠶ ᠠᠰᠠᠭᠤᠨ ᠯᠠᠪᠯᠠᠵᠤ᠂ ᠲᠡᠳᠡᠨ ᠤ ᠣᠳᠣᠬᠠᠨ ᠳᠤ ᠲᠤᠯᠭᠠᠷᠠᠵᠤ ᠪᠠᠶᠢᠭ᠎ᠠ ᠪᠣᠳᠠᠲᠠᠶ ᠬᠦᠴᠢᠷᠳᠡᠯ ᠪᠠ ᠬᠦᠰᠡᠯ ᠱᠠᠭᠠᠷᠳᠠᠯᠭ᠎ᠠ ᠶᠢ ᠨᠠᠷᠢᠨ ᠬᠢᠨᠠᠮᠠᠭᠠᠶ ᠰᠣᠨᠣᠰᠬᠤ ᠶᠢᠨ ᠬᠠᠮᠲᠤ ᠲᠡᠳᠡᠨ ᠢ ᠢᠲᠡᠭᠡᠯ ᠵᠣᠷᠢᠭ ᠢᠶᠠᠨ ᠪᠠᠲᠤᠳᠬᠠᠵᠤ᠂ ᠠᠮᠢᠳᠤᠷᠠᠯ ᠳᠤ ᠢᠳᠡᠪᠬᠢᠲᠡᠶ ᠪᠠᠶᠠᠰᠤᠩᠭᠤᠶ ᠪᠠᠷ ᠬᠠᠨᠳᠤᠬᠤ ᠶᠢ ᠵᠣᠷᠢᠭᠵᠢᠭᠤᠯᠵᠤ᠂ ᠲᠣᠰ ᠪᠡᠶ᠎ᠡ ᠶᠢᠨ ᠴᠢᠷᠮᠠᠶᠢᠯᠭ᠎ᠠ ᠪᠠ ᠲᠥᠷᠥ ᠶᠢᠨ ᠪᠣᠳᠣᠯᠭ᠎ᠠ ᠪᠠᠷ ᠬᠠᠪᠰᠤᠷᠤᠨ ᠲᠡᠳᠬᠦᠬᠦ ᠪᠠᠷ ᠳᠠᠮᠵᠢᠭᠤᠯᠤᠨ ᠬᠡᠷ ᠪᠦᠯᠢ ᠶᠢᠨ ᠣᠷᠣᠯᠭ᠎ᠠ ᠪᠠᠨ ᠨᠡᠮᠡᠭᠳᠡᠭᠦᠯᠵᠦ᠂ ᠠᠮᠢᠳᠤᠷᠠᠯ ᠤᠯᠠᠮ ᠠᠴᠠ ᠤᠯᠠᠮ ᠵᠣᠯ ᠵᠢᠷᠭᠠᠯ ᠲᠠᠢ ᠪᠣᠯᠵᠤ ᠴᠢᠳᠠᠨ᠎ᠠ ᠭᠡᠳᠡᠭ ᠢ  ᠢᠲᠡᠭᠡᠬᠦ ᠬᠡᠷᠡᠭᠲᠡᠢ ᠭᠡᠵᠦ ᠤᠷᠮᠠᠰᠢᠭᠤᠯᠪᠠ᠃    ᠵᠢᠶ ᠰᠢᠤᠢ ᠳ᠋ᠦᠩ ᠠᠴᠠ᠂ ᠲᠣᠰᠬᠤᠨ ᠤ ᠺᠠᠳ᠋ᠷ ᠵᠢᠴᠢ ᠲᠣᠰᠬᠤᠨ ᠳᠤ ᠰᠠᠭᠤᠭ᠎ᠠ ᠠᠵᠢᠯᠲᠠᠳ ᠡᠷᠬᠡᠪᠰᠢ ᠬᠠᠪᠰᠤᠷᠤᠨ ᠲᠡᠳᠬᠦᠬᠦ ᠠᠵᠢᠯ ᠢ ᠪᠣᠳᠠᠲᠠᠶ ᠪᠥᠭᠡᠳ ᠨᠠᠷᠢᠯᠢᠭ ᠠᠳᠬᠤᠵᠤ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠬᠠᠷᠢᠭᠤᠴᠠᠯᠭ᠎ᠠ ᠪᠠᠨ  ᠭᠦᠢᠴᠡᠳᠬᠡᠵᠦ᠂ ᠨᠠᠷᠢᠯᠢᠭ  ᠣᠨᠤᠪᠴᠢᠲᠠᠢ  ᠪᠦᠲᠦᠮᠵᠢᠲᠡᠢ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠠᠯᠢ ᠴᠢᠳᠠᠬᠤ ᠪᠠᠷ ᠲᠠᠷᠢᠶᠠᠴᠢᠨ ᠡᠷᠦᠬᠡ ᠶᠢᠨ ᠬᠥᠭᠵᠢᠯᠲᠡ ᠶᠢ ᠡᠷᠢᠯᠬᠢᠯᠡᠵᠦ᠂ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠵᠤ᠂ ᠭᠤᠤᠯᠳᠠᠯᠭ᠎ᠠ ᠲᠠᠢ ᠬᠢᠨᠠᠨ ᠬᠡᠮᠵᠢᠬᠦ ᠡᠷᠦᠬᠡ ᠶᠢ ᠪᠦᠲᠦᠮᠵᠢᠲᠡᠶ ᠬᠠᠪᠰᠤᠷᠤᠨ ᠲᠡᠳᠬᠦᠬᠦ ᠶᠢ ᠪᠠᠲᠤᠯᠠᠵᠤ᠂ ᠡᠭᠦᠨ ᠤ ᠤᠯᠠᠮ ᠠᠴᠠ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠ ᠮᠡᠳᠡᠷᠡᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠲᠠᠰᠤᠷᠠᠯᠲᠠ ᠥᠬᠡᠶ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠳᠤ ᠰᠠᠭᠤᠷᠢ ᠶᠢ ᠪᠠᠬᠢᠵᠢᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃    ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠬᠠᠮᠢᠶ᠎ᠠ ᠪᠥᠬᠦᠶ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠡᠷᠦᠬᠡ ᠳᠤ ᠣᠷᠣᠵᠤ ᠰᠤᠷᠪᠤᠯᠵᠢᠯᠠᠬᠤ ᠠᠵᠢᠯ ᠢ ᠢᠳᠡᠪᠬᠢᠲᠡᠶ ᠥᠷᠨᠢᠭᠦᠯᠵᠦ᠂ ᠭᠤᠤᠯᠳᠠᠯᠭ᠎ᠠ ᠲᠠᠢ ᠬᠥᠮᠦᠰ ᠤᠨ  ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠨᠢᠭᠲᠠ ᠠᠩᠬᠠᠷᠴᠤ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号