ᠠᠤᠬᠠᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ 2024 ᠣᠨ ᠤ ᠳᠥᠷᠪᠡᠳᠦᠭᠡᠷ ᠤᠯᠠᠷᠢᠯ ᠵᠢᠴᠢ ᠠᠶᠤᠯᠭᠦᠶ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠠᠬᠢᠭᠤᠯᠬᠤ ᠠᠵᠢᠯ ᠤᠨ ᠬᠤᠷᠠᠯ ᠢ ᠵᠣᠬᠢᠶᠠᠨ ᠪᠠᠶᠢᠭᠤᠯᠵᠤ  ᠬᠤᠷᠠᠯᠳᠤᠪᠠ
ᠨᠡᠶᠢᠲᠡᠯᠡᠭᠰᠡᠨ ᠴᠠᠭ᠄
2024/10/24
    2024 ᠣᠨ ᠤ 10 ᠰᠠᠷ᠎ᠠ ᠶᠢᠨ 23 ᠤ ᠡᠳᠦᠷ᠂ ᠠᠤᠬᠠᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ 2024 ᠣᠨ ᠤ ᠳᠥᠷᠪᠡᠳᠦᠭᠡᠷ ᠤᠯᠠᠷᠢᠯ ᠵᠢᠴᠢ ᠠᠶᠤᠯᠭᠦᠶ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠰᠢᠪᠲᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠠᠬᠢᠭᠤᠯᠬᠤ ᠠᠵᠢᠯ ᠤᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠪᠠ᠃ ᠬᠤᠷᠠᠯ ᠠᠴᠠ ᠣᠶᠢᠷ᠎ᠠ ᠶᠢᠨ ᠬᠤᠭᠤᠴᠠᠭᠠᠨ ᠤ ᠳᠡᠭᠡᠳᠦ ᠱᠠᠲᠤᠨ ᠤ ᠠᠶᠤᠯᠭᠦᠶ ᠦᠢᠯᠡᠳᠪᠦᠷᠢᠯᠡᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠴᠢᠬᠤᠯᠠ ᠪᠢᠴᠢᠭ ᠮᠠᠲ᠋ᠧᠷᠢᠶᠠᠯ ᠢ ᠳᠠᠮᠵᠢᠭᠤᠯᠵᠤ᠂ ᠲᠦᠷᠦᠭᠦᠤ ᠭᠤᠷᠪᠠᠨ ᠤᠯᠠᠷᠢᠯ ᠤᠨ ᠠᠤᠬᠠᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠦ᠂ ᠳᠥᠷᠪᠡᠳᠦᠭᠡᠷ ᠤᠯᠠᠷᠢᠯ ᠤᠨ ᠠᠶᠤᠯᠭᠦᠶ ᠦᠢᠯᠡᠳᠪᠦᠷᠢᠯᠡᠯ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃    ᠲᠣᠪᠴᠢᠶ᠎ᠠ ᠶᠢᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠳᠡᠳ᠋ ᠡᠷᠬᠢᠯᠡᠭᠴᠢ᠂  ᠲᠣᠪᠴᠢᠶᠠᠨ ᠳᠡᠳ᠋ ᠳᠠᠷᠤᠭ᠎ᠠ ᠡᠤ ᠶᠦᠩ ᠼᠠᠢ ᠨᠥᠬᠦᠷ ᠲᠦᠷᠦᠭᠦᠦ ᠭᠤᠷᠪᠠᠨ ᠤᠯᠠᠷᠢᠯ ᠤᠨ ᠠᠤᠬᠠᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠪᠠᠶᠢᠳᠠᠯ ᠢ ᠮᠡᠳᠡᠭᠳᠡᠵᠦ᠂ ᠣᠳᠣᠬᠠᠨ ᠤ ᠵᠠᠮ ᠲᠡᠭᠡᠭᠡᠪᠦᠷᠢ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ᠂ ᠵᠠᠰᠠᠮᠠᠯ ᠵᠠᠮ ᠤᠨ ᠡᠵᠡᠩᠨᠡᠯᠲᠡ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ᠂ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ᠂ ᠰᠢᠤᠳᠠᠨ ᠤ ᠲᠦᠷᠭᠡᠨ ᠬᠦᠷᠭᠡᠯᠲᠡ᠂ ᠰᠦᠢᠳᠭᠡᠯ ᠬᠤᠷᠢᠶᠠᠬᠤ ᠥᠷᠲᠡᠭᠡ ᠵᠡᠷᠭᠡ ᠭᠤᠤᠯᠳᠠᠯᠭ᠎ᠠ ᠲᠠᠢ ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠠᠵᠢᠯ ᠳᠤ ᠪᠣᠳᠠᠲᠠᠶ ᠲᠣᠬᠢᠷᠠᠭᠤᠯᠤᠯᠲᠠ ᠬᠢᠪᠠ᠃    ᠲᠣᠪᠴᠢᠶ᠎ᠠ ᠶᠢᠨ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠲᠣᠪᠴᠢᠶᠠᠨ ᠳᠠᠷᠤᠭ᠎ᠠ ᠶᠠᠩ ᠮᠧᠩ ᠰᠢᠶᠠᠨ ᠨᠥᠬᠦᠷ ᠳᠥᠷᠪᠡᠳᠦᠭᠡᠷ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠲᠤᠬᠠᠢ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠡᠢ᠃ ᠨᠢᠭᠡ ᠳᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ︔ ᠬᠤᠶᠠᠷ ᠲᠤ  ᠂ ᠴᠢᠩᠭ᠎ᠠ ᠪᠠᠶᠢᠬᠤ ᠶᠢ ᠲᠡᠷᠢᠭᠦᠨ ᠳᠤ ᠲᠠᠯᠪᠢᠵᠤ᠂ ᠠᠰᠠᠭᠤᠳᠠᠯ ᠤᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠡᠷᠴᠢᠮ ᠢ ᠴᠢᠩᠭᠠᠷᠠᠭᠤᠯᠤᠨ᠎ᠠ︔ ᠭᠤᠷᠪᠠ ᠳᠤ᠂ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠠᠬᠢᠭᠤᠯᠤᠨ᠎ᠠ  ᠭᠡᠪᠡ᠃    ᠬᠤᠷᠠᠯ ᠠᠴᠠ᠂ ᠪᠦᠬᠦ ᠠᠵᠢᠯ ᠲᠦᠷᠦᠯ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠴᠣᠬᠤᠯᠠᠪᠤᠷᠢ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠢᠨᠴᠦᠭᠦᠷᠡᠬᠦ ᠦᠵᠡᠯ ᠰᠠᠨᠠᠭ᠎ᠠ ᠪᠣᠯᠤᠨ ᠠᠵᠠ ᠵᠠᠪᠰᠢᠶᠠᠨ ᠢ ᠡᠷᠢᠬᠦ ᠪᠤᠳᠤᠯ ᠢ ᠡᠷᠡᠰ ᠲᠡᠪᠴᠢᠵᠦ᠂ ᠠᠵᠢᠯ ᠲᠦᠷᠦᠯ ᠢ ᠬᠠᠷᠠᠵᠤ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ ᠱᠠᠭᠠᠷᠳᠠᠯᠭ᠎ᠠ ᠶᠣᠰᠣᠭᠠᠷ᠂ ᠪᠦᠷᠢᠨ ᠪᠦᠲᠦᠨ ᠬᠠᠷᠢᠭᠤᠴᠠᠯᠭ᠎ᠠ ᠶᠢᠨ ᠬᠡᠯᠬᠢᠶ᠎ᠡ ᠶᠢ ᠪᠦᠷᠢᠯᠳᠦᠭᠦᠯᠵᠦ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠪᠦᠬᠦ ᠠᠵᠢᠯᠳᠠᠨ ᠤ ᠠᠮᠤᠷ ᠲᠦᠪᠰᠢᠨ ᠢ ᠠᠳᠬᠤᠬᠤ ᠠᠵᠢᠯ ᠤᠨ ᠲᠣᠭᠲᠠᠴᠠ ᠶᠢ ᠪᠠᠶᠢᠭᠤᠯᠵᠤ ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠣᠳᠣᠬᠠᠨ ᠤ ᠬᠠᠮᠤᠭ ᠤᠨ ᠴᠢᠬᠤᠯᠠ ᠡᠭᠦᠷᠭᠡ ᠪᠣᠯᠭᠠᠨ ᠪᠣᠳᠠᠲᠠᠢ ᠨᠠᠷᠢᠯᠢᠭ ᠠᠳᠬᠤᠵᠤ ᠰᠠᠶᠢᠲᠤᠷ ᠠᠳᠬᠤᠬᠤ ᠬᠡᠷᠡᠭᠲᠡᠢ ᠭᠡᠵᠦ ᠱᠠᠭᠠᠷᠳᠠᠪᠠ᠃    ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠬᠤᠯᠪᠣᠭᠳᠠᠬᠤ ᠨᠢ ᠥᠷᠭᠡᠨ᠂ ᠪᠠᠶᠢᠯᠳᠣᠭᠠᠨ ᠤ ᠱᠣᠭᠤᠮ ᠣᠷᠲᠤ᠂ ᠡᠭᠦᠷᠭᠡ ᠬᠦᠨᠳᠦ᠂ ᠡᠯ᠎ᠡ ᠨᠢᠭᠡᠴᠡ ᠶᠢᠨ ᠬᠢᠨ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ ᠲᠥᠯᠥᠪᠯᠡᠭᠡ ᠶᠣᠰᠣᠭᠠᠷ᠂ ᠵᠣᠬᠢᠶᠠᠨ ᠪᠠᠶᠢᠭᠤᠯᠤᠯᠲᠠ ᠲᠠᠢ ᠪᠠᠷ ᠬᠡᠷᠡᠭᠵᠢᠭᠦᠯᠵᠦ᠂ ᠬᠠᠷᠢᠯᠴᠠᠨ ᠳᠡᠮᠵᠢᠵᠦ᠂ ᠨᠢᠭᠲᠠ ᠬᠠᠮᠵᠢᠯᠴᠠᠵᠤ᠂ ᠠᠵᠢᠯ ᠤᠨ ᠪᠠᠶᠢᠳᠠᠯ ᠢᠶᠠᠨ ᠴᠠᠭ ᠲᠤᠬᠠᠢ ᠳᠤᠨᠢ ᠳᠡᠭᠡᠭᠰᠢ ᠮᠡᠳᠡᠭᠦᠯᠵᠦ᠂ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠬᠤ ᠬᠡᠷᠡᠭᠲᠡᠢ  ᠭᠡᠵᠦ ᠴᠢᠬᠤᠯᠠᠴᠢᠯᠠᠪᠠ᠃    ᠲᠣᠪᠴᠢᠶ᠎ᠠ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠲᠠᠰᠤᠭ ᠤᠨ ᠬᠠᠷᠢᠭᠤᠴᠠᠯᠭᠠᠲᠠᠨ᠂ ᠲᠣᠪᠴᠢᠶ᠎ᠠ ᠶᠢᠨ ᠰᠢᠭᠤᠳ ᠬᠠᠷᠢᠶ᠎ᠠ ᠨᠢᠭᠡᠴᠡ ᠶᠢᠨ ᠭᠤᠤᠯ ᠬᠠᠷᠢᠭᠤᠴᠠᠯᠭᠠᠲᠠᠨ᠂ ᠵᠠᠩᠭᠢᠯᠠᠭ᠎ᠠ ᠶᠢᠨ ᠺᠠᠳ᠋ᠷ᠂ ᠵᠠᠮ ᠬᠠᠷᠢᠯᠴᠠᠭ᠎ᠠ ᠲᠡᠭᠡᠭᠡᠪᠦᠷᠢ ᠵᠢᠴᠢ ᠬᠠᠮᠢᠶ᠎ᠠ ᠪᠥᠬᠦᠶ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠰᠢᠤᠳᠠᠨ ᠤ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠵᠡᠷᠭᠡ ᠨᠡᠶᠢᠲᠡ 56 ᠬᠦᠮᠦᠰ ᠬᠤᠷᠠᠯ ᠳᠤ ᠣᠷᠣᠯᠴᠠᠵᠠᠶ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号