ᠰᠢᠨ ᠾᠦᠢ ᠪᠠᠯᠭᠠᠰᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠄ ︽ᠪᠣᠬᠢᠷᠲᠤᠯ ᠦᠭᠡᠢ ᠠᠵᠢᠯᠯᠠᠭ᠎ᠠ︾ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ  ᠨᠡᠮᠡᠷᠢᠯᠡᠨ᠎ᠡ
ᠨᠡᠶᠢᠲᠡᠯᠡᠭᠰᠡᠨ ᠴᠠᠭ᠄
2024/10/24
       ᠬᠥᠮᠦᠰ ᠤᠨ ᠣᠷᠣᠰᠢᠨ ᠰᠠᠭᠤᠬᠤ ᠣᠷᠴᠢᠨ ᠨᠦᠭᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠨᠦᠭᠦᠴᠡᠯ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠴᠡᠪᠡᠷ ᠴᠡᠮᠴᠡᠭᠡᠷ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠶ ᠬᠥᠳᠡᠭᠡ ᠲᠣᠰᠬᠤᠨ ᠤ ᠳᠦᠷᠰᠦ ᠪᠠᠶᠢᠳᠠᠯ ᠢ ᠪᠤᠢ ᠪᠣᠯᠭᠠᠬᠤ ᠶᠢᠨ ᠲᠥᠯᠥᠭᠡ ᠰᠢᠨ  ᠾᠦᠢ ᠪᠠᠯᠭᠠᠰᠤ ᠦᠷᠭᠦᠯᠵᠢᠯᠡᠨ ᠬᠦᠴᠦᠯᠡᠵᠦ᠂ ︽ᠠᠵᠢᠯᠯᠠᠬᠤ︾ ᠪᠠᠷ ᠤᠤᠷ ᠴᠢᠨᠠᠷ ᠢᠶᠠᠨ ᠢᠯᠡᠷᠡᠭᠦᠯᠵᠦ᠂ ︽ᠪᠣᠳᠠᠲᠠᠢ︾ ᠪᠠᠷ ᠰᠠᠭᠤᠷᠢ ᠥᠩᠭᠡ ᠶᠢ ᠠᠷᠴᠢᠵᠤ᠂ ᠨᠠᠮ ᠤᠨ ᠭᠡᠰᠢᠭᠦᠨ ᠤᠯᠠᠨ ᠲᠦᠮᠡᠨ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠵᠡᠷᠭᠡ ᠤᠯᠠᠨ ᠲᠠᠯ᠎ᠠ ᠶᠢᠨ ᠬᠦᠴᠦᠨ ᠢ ᠵᠣᠬᠢᠶᠠᠨ ᠪᠠᠶᠢᠭᠤᠯᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠪᠡᠷᠯᠡᠬᠦ ᠠᠵᠢᠯ ᠢ ᠪᠦᠬᠦ ᠲᠠᠯ᠎ᠠ ᠪᠠᠷ ᠯᠠᠪᠳᠠᠭᠤᠨ ᠪᠠᠲᠤᠲᠠᠢ ᠥᠷᠨᠢᠭᠦᠯᠪᠡ᠃    ᠪᠦᠬᠦ ᠠᠵᠢᠯᠲᠠᠳ ᠣᠷᠣᠯᠴᠠᠵᠤ᠂ ᠢᠳᠡᠪᠬᠢᠲᠡᠢ ᠬᠥᠳᠡᠯᠦᠯᠴᠡᠪᠡ᠃ ᠪᠠᠯᠭᠠᠰᠤ ᠲᠣᠰᠬᠤᠨ ᠤ ᠺᠠᠳ᠋ᠷ᠂ ᠨᠠᠮ ᠤᠨ ᠭᠡᠰᠢᠭᠦᠨ ᠲᠦᠷᠦᠭᠦᠯᠡᠨ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠬᠥᠮᠦᠰ᠂ ᠰᠠᠶᠢᠨ ᠳᠤᠷ᠎ᠠ ᠶᠢᠨ ᠦᠢᠯᠡᠴᠢᠯᠡᠭᠴᠢ ᠪᠠ ᠥᠷᠭᠡᠨ ᠣᠯᠠᠨ ᠲᠦᠮᠡᠨ ᠢ ᠵᠣᠬᠢᠶᠠᠨ ᠪᠠᠶᠢᠭᠤᠯᠵᠤ᠂ ᠲᠣᠰᠬᠤᠨ ᠤ ᠵᠠᠮ᠂ ᠭᠤᠤᠯ ᠤᠨ ᠵᠠᠮ᠂ ᠭᠤᠤ ᠰᠤᠪᠠᠭ ᠵᠡᠷᠭᠡ ᠬᠤᠶᠠᠷ ᠬᠠᠵᠠᠭᠤ ᠶᠢᠨ ᠪᠤᠵᠠᠷ ᠡᠪᠡᠰᠦ᠂ ᠬᠤᠪᠠᠭ᠋ᠠᠶ ᠰᠠᠯᠠᠭ᠎ᠠ᠂ ᠴᠠᠭᠠᠨ ᠥᠩᠭᠡᠲᠦ ᠬᠤᠭ ᠨᠣᠪᠰᠢ᠂ ᠲᠣᠰᠬᠤᠨ ᠤ ᠠᠷᠠᠳ ᠤᠨ ᠬᠡᠷ ᠤᠨ ᠡᠮᠦᠨ᠎ᠡ ᠬᠤᠶᠢᠨ᠎ᠠ ᠳᠤᠷ᠎ᠠ ᠪᠠᠷ ᠢᠶᠠᠨ ᠣᠪᠣᠭᠠᠯᠠᠵᠤ ᠲᠠᠯᠪᠢᠬᠤ ᠡᠯᠳᠡᠪ ᠪᠣᠳᠠᠰ᠂ ᠬᠠᠷᠰᠢ ᠰᠠᠭᠠᠳ ᠵᠡᠷᠭᠡ ᠶᠢ ︽ᠪᠦᠬᠦᠨ ᠢ ᠬᠠᠮᠤᠷᠬᠤ᠂ ᠲᠣᠤᠷ ᠲᠠᠲᠠᠬᠤ ᠮᠠᠶ᠋ᠢᠭ︾ ᠢᠶᠠᠷ ᠴᠡᠪᠡᠷᠯᠡᠨ ᠡᠮᠬᠢᠯᠡᠵᠦ᠂ ︽ᠨᠠᠷᠢᠯᠢᠭ︾ ᠲᠠᠯ᠎ᠠ ᠠᠴᠠ ᠭᠠᠷᠳᠠᠵᠤ᠂ ︽ᠪᠣᠳᠠᠲᠠᠶ︾ ᠲᠠᠯ᠎ᠠ ᠠᠴᠠ ᠬᠦᠴᠦᠯᠡᠬᠦ ᠶᠢ ᠪᠠᠷᠢᠮᠲᠠᠯᠠᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠥᠳᠡᠭᠡ ᠲᠣᠰᠬᠤᠨ ᠤ ︽ᠥᠩᠭᠡ ᠵᠢᠰᠦ︾ ᠶᠢ ᠦᠷᠭᠦᠯᠵᠢᠯᠡᠨ ᠰᠢᠨᠡᠳᠬᠡᠪᠡ᠃    ᠲᠣᠭᠲᠠᠴᠠ ᠶᠢ ᠪᠠᠶᠢᠭᠤᠯᠤᠨ ᠬᠦᠴᠦᠷᠬᠡᠭᠵᠢᠭᠦᠯᠵᠦ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠪᠠ᠃ ᠬᠥᠮᠦᠰ ᠤᠨ ᠣᠷᠣᠰᠢᠨ ᠰᠠᠭᠤᠬᠤ ᠣᠷᠴᠢᠨ  ᠨᠦᠭᠦᠴᠡᠯ ᠢ ᠴᠡᠭᠴᠡᠯᠡᠨ ᠵᠠᠰᠠᠬᠤ ᠶᠢ ᠪᠠᠶᠢᠩᠭᠤᠵᠢᠭᠤᠯᠬᠤ᠂ ᠤᠷᠳᠤ ᠬᠤᠭᠤᠴᠠᠭ᠎ᠠ ᠪᠠᠷ ᠪᠦᠲᠦᠮᠵᠢᠲᠡᠢ ᠪᠠᠶᠢᠯᠭᠠᠬᠤ ᠶᠢ ᠪᠠᠷᠢᠮᠲᠠᠯᠠᠵᠤ᠂ ᠭᠤᠣᠯ ᠤᠳᠤᠷᠢᠳᠤᠯᠭ᠎ᠠ ᠪᠦᠬᠦ ᠲᠠᠯ᠎ᠠ ᠪᠠᠷ ᠠᠳᠬᠤᠬᠤ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠣᠳᠠᠲᠠᠢ ᠠᠳᠬᠤᠬᠤ᠂ ᠲᠣᠰᠬᠤᠨ ᠢ ᠳᠠᠭᠠᠭᠠᠴᠢᠯᠠᠭᠰᠠᠨ ᠤᠳᠤᠷᠢᠳᠤᠯᠭ᠎ᠠ ᠬᠡᠰᠡᠭ  ᠲᠠᠯ᠎ᠠ ᠶᠢ ᠳᠠᠭᠠᠭᠠᠴᠢᠯᠠᠬᠤ᠂ ᠡᠯ᠎ᠡ ᠲᠣᠰᠬᠤᠨ ᠤ ᠨᠠᠮ ᠤᠨ ᠬᠤᠷᠢᠶ᠎ᠠ ᠶᠢᠨ ᠱᠦᠵᠢ ᠲᠣᠰᠬᠤᠨ ᠢ ᠳᠠᠭᠠᠭᠠᠴᠢᠯᠠᠨ ᠠᠳᠬᠤᠬᠤ ᠶᠢ ᠳᠠᠭᠠᠭᠠᠴᠢᠯᠠᠬᠤ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠪᠡ᠃ ᠡᠭᠦᠨ ᠤ ᠬᠠᠮᠲᠤ᠂ ︽ᠡᠭᠦᠳᠡᠨ ᠡᠮᠦᠨᠡᠬᠢ ᠳᠥᠷᠪᠡ ᠶᠢ ᠳᠠᠭᠠᠭᠠᠴᠢᠯᠠᠬᠤ︾ ᠲᠦᠷᠢᠮ ᠢ ︽ᠤᠯᠠᠭᠠᠨ ᠬᠠᠷ᠎ᠠ ᠰᠠᠮᠪᠠᠷ᠎ᠠ︾ ᠶᠢᠨ ᠦᠨᠡᠯᠡᠨ ᠮᠠᠭᠠᠳᠯᠠᠬᠤ ᠪᠠᠷᠢᠮᠵᠢᠶ᠎ᠠ ᠳᠤ ᠣᠷᠣᠭᠤᠯᠵᠤ᠂ ᠣᠷᠴᠢᠨ ᠠᠬᠤᠶ ᠶᠢ ᠴᠡᠭᠴᠡᠯᠡᠨ ᠵᠠᠰᠠᠭᠰᠠᠨ ᠦᠷ᠎ᠡ ᠪᠦᠲᠦᠮᠵᠢ ᠪᠠᠷ ᠢᠯᠡᠷᠬᠡᠶ᠂ ᠬᠠᠨᠤᠮᠵᠢ ᠶᠢᠨ ᠬᠡᠮᠵᠢᠶ᠎ᠡ ᠪᠠᠷ ᠨᠡᠯᠢᠶᠡᠳ ᠥᠨᠳᠥᠷ ᠲᠠᠷᠢᠶᠠᠴᠢᠨ ᠡᠷᠦᠬᠡ ᠶᠢ ᠳᠡᠯᠭᠡᠨ ᠦᠵᠡᠭᠦᠯᠵᠦ᠂ ᠣᠷᠴᠢᠨ ᠠᠬᠤᠶ ᠶᠢ ᠴᠡᠭᠴᠡᠯᠡᠨ ᠵᠠᠰᠠᠭᠰᠠᠨ ᠦᠷ᠎ᠡ ᠪᠦᠲᠦᠮᠵᠢ ᠪᠠᠷ ᠠᠨᠠᠶ ᠲᠠᠷᠢᠶᠠᠴᠢᠨ ᠡᠷᠦᠬᠡ ᠶᠢ ᠢᠯᠡᠴᠢᠯᠡᠵᠦ᠂ ᠣᠯᠠᠨ ᠲᠦᠮᠡᠨ ᠤ ᠬᠠᠷᠢᠭᠤᠴᠠᠯᠭᠠᠲᠤ ᠰᠡᠳᠬᠢᠯᠭᠡ ᠶᠢ ᠳᠡᠭᠡᠭᠰᠢᠯᠡᠭᠦᠯᠵᠦ᠂ ᠴᠡᠭᠴᠡᠯᠡᠨ ᠵᠠᠰᠠᠭᠰᠠᠨ ᠨᠢ ᠪᠦᠲᠦᠮᠵᠢᠲᠡᠶ ᠪᠠᠶᠢᠬᠤ ᠶᠢ ᠦᠨᠡᠨᠬᠦ ᠪᠠᠲᠤᠯᠠᠪᠠ᠃    ᠦᠷᠭᠦᠯᠵᠢᠯᠡᠨ ᠤᠬᠠᠭᠤᠯᠵᠤ᠂ ᠬᠥᠲᠥᠯᠥᠨ ᠵᠢᠯᠣᠭᠤᠳᠬᠤ ᠶᠢ  ᠴᠢᠩᠭᠠᠳᠬᠠᠪᠠ᠃ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠭᠤᠯᠭ᠎ᠠ ᠬᠥᠮᠦᠵᠢᠯ ᠤᠨ ᠡᠷᠴᠢᠮ ᠢ ᠴᠢᠩᠭᠠᠷᠠᠭᠤᠯᠵᠤ᠂ ᠸᠢᠴᠠᠲ ᠤᠨ ᠪᠦᠯᠦᠭ᠂ ᠪᠦᠷᠢᠶ᠎ᠡ᠂ ᠡᠷᠦᠬᠡ ᠳᠤ ᠬᠦᠷᠴᠦ ᠰᠤᠷᠪᠤᠯᠵᠢᠯᠠᠬᠤ ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ᠂ ᠣᠷᠴᠢᠨ ᠠᠬᠤᠶ ᠶᠢᠨ ᠡᠷᠡᠭᠦᠯ ᠬᠠᠮᠠᠭᠠᠯᠠᠯ ᠤᠨ ᠴᠢᠬᠤᠯᠠ ᠴᠢᠨᠠᠷ ᠵᠢᠴᠢ ᠣᠷᠴᠢᠨ ᠠᠬᠤᠶ ᠶᠢ ᠴᠡᠭᠴᠡᠯᠡᠨ ᠵᠠᠰᠠᠬᠤ ᠴᠢᠬᠤᠯᠠ ᠠᠴᠢ ᠬᠤᠯᠪᠣᠭᠳᠠᠯ ᠢ ᠥᠷᠭᠡᠨ ᠢᠶᠠᠷ ᠤᠬᠠᠭᠤᠯᠵᠤ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ︽ᠨᠠᠳᠠ ᠪᠠᠷ ᠣᠷᠣᠯᠴᠠᠭᠤᠯᠵᠤ︾ ᠪᠠᠶᠢᠭᠰᠠᠨ ᠠᠴᠠ ︽ᠪᠢ ᠰᠠᠶᠢᠨ ᠳᠤᠷ᠎ᠠ ᠠᠴᠠ ᠪᠠᠨ ᠣᠷᠣᠯᠴᠠᠬᠤ︾ ᠪᠣᠯᠭᠠᠨ ᠬᠤᠪᠢᠷᠠᠭᠤᠯᠵᠤ᠂ ᠣᠷᠴᠢᠨ ᠠᠬᠤᠶ ᠶᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠬᠠᠮᠲᠤ ᠪᠠᠷ ᠪᠣᠶ ᠪᠣᠯᠭᠠᠵᠤ᠂ ᠣᠷᠴᠢᠨ ᠠᠬᠤᠶ ᠶᠢ ᠬᠠᠮᠠᠭᠠᠯᠠᠬᠤ ᠠᠮᠢᠳᠤᠷᠠᠯ ᠢ ᠬᠡᠪ ᠵᠠᠩᠰᠢᠯ ᠪᠣᠯᠭᠠᠵᠤ᠂ ᠬᠥᠮᠦᠨ ᠨᠢᠭᠡᠪᠦᠷᠢ ᠶᠢ ᠴᠥᠮ ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠭᠴᠢ᠂ ᠦᠢᠯᠡᠳᠦᠯᠭᠡᠵᠢᠭᠦᠯᠦᠭᠴᠢ  ᠪᠣᠯᠭᠠᠨ᠎ᠠ᠃    ᠰᠢᠨ ᠾᠦᠢ ᠪᠠᠯᠭᠠᠰᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ᠡᠷᠴᠢ ᠵᠣᠷᠢᠭ ᠢᠶᠠᠨ ᠦᠷᠭᠦᠯᠵᠢᠯᠡᠨ ᠭᠦᠢᠴᠡᠳ ᠪᠠᠳᠠᠷᠠᠭᠤᠯᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠨᠦᠭᠦᠴᠡᠯ ᠢ ᠴᠡᠭᠴᠡᠯᠡᠨ ᠵᠠᠰᠠᠬᠤ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠴᠡᠪᠡᠷ ᠴᠡᠮᠴᠡᠭᠡᠷ᠂ ᠭᠤᠶᠤ ᠰᠠᠶᠢᠬᠠᠨ ᠣᠷᠣᠰᠢᠨ ᠰᠠᠭᠤᠬᠤ ᠣᠷᠴᠢᠨ  ᠨᠦᠭᠦᠴᠡᠯ ᠢ ᠦᠷᠭᠦᠯᠵᠢᠯᠡᠨ ᠡᠭᠦᠳᠦᠨ ᠪᠠᠶᠢᠭᠤᠯᠵᠤ᠂ ᠬᠥᠳᠡᠭᠡ ᠲᠣᠰᠬᠤᠨ ᠤ ︽ᠥᠩᠭᠡ ᠵᠢᠰᠦ︾ ᠶᠢ ᠲᠠᠰᠤᠷᠠᠯᠲᠠ ᠦᠭᠡᠢ ᠭᠤᠶᠣᠯᠠᠬᠤ ᠪᠠ ᠤᠯᠠᠨ ᠲᠦᠮᠡᠨ ᠤ ︽ᠵᠣᠯ ᠵᠢᠷᠭᠠᠯ ᠤᠨ ᠵᠢᠭᠠᠯᠲᠠ ᠲᠤᠭ᠎ᠠ︾ ᠶᠢ ᠳᠡᠭᠡᠭᠰᠢᠯᠡᠭᠦᠯᠵᠦ᠂ ᠰᠢᠨ ᠾᠦᠢ ᠪᠠᠯᠭᠠᠰᠤ ᠶᠢᠨ ᠦᠵᠡᠰᠬᠦᠯᠡᠩᠲᠦ ᠰᠠᠶᠢᠬᠠᠨ ᠵᠣᠯ ᠵᠢᠷᠭᠠᠯ ᠤᠨ ᠰᠢᠨ᠎ᠡ ᠬᠠᠭᠤᠳᠠᠰᠤ ᠶᠢ ᠵᠢᠷᠤᠭᠯᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号