| 2024 ᠣᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ | ᠵᠣᠯᠭᠠᠭᠤᠯᠬᠤ ᠬᠢᠨᠠᠨ ᠰᠢᠯᠭᠠᠵᠤ ᠦᠨᠡᠯᠡᠬᠦ ᠵᠢᠴᠢ ᠫᠠᠶᠢᠰᠠ ᠠᠪᠴᠤ ᠰᠢᠯᠭᠠᠨ ᠠᠪᠬᠤ ᠠᠵᠢᠯ ᠢ ᠠᠬᠢᠭᠤᠯᠬᠤ ᠶᠢᠨ | ᠲᠥᠯᠥᠭᠡ᠂ ᠹᠧᠩ ᠱᠸᠦ ᠰᠢᠶᠠᠩ ᠠᠵᠢᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠬᠢᠨᠠᠨ ᠰᠢᠯᠭᠠᠵᠤ | ᠦᠨᠡᠯᠡᠬᠦ ᠪᠠ ᠫᠠᠶᠢᠰᠠ ᠠᠪᠴᠤ ᠰᠢᠯᠭᠠᠨ ᠠᠪᠬᠤ ᠪᠠᠷᠢᠮᠵᠢᠶ᠎ᠠ ᠶᠢ ᠪᠦᠬᠦ ᠲᠠᠯ᠎ᠠ ᠪᠠᠷ ᠬᠠᠷᠭᠤᠭᠤᠯᠵᠤ᠂ ᠫᠠᠶᠢᠰᠠ ᠠᠪᠴᠤ | ᠳ᠋ᠤᠭᠠᠷ ᠬᠠᠰᠤᠬᠤ ︽ᠪᠡᠶ᠎ᠡ ᠤᠷᠪᠠᠭ᠋ᠤ ᠠᠵᠢᠯᠯᠠᠭ᠎ᠠ︾ ᠪᠣᠯᠤᠨ ᠦᠨᠡᠯᠡᠨ ᠵᠢᠱᠢᠬᠦ ︽ᠢᠯᠠᠯᠲᠠ ᠶᠢᠨ ᠳᠠᠶᠢᠯᠠᠯᠳᠤᠭᠠᠨ︾ | ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ | ᠪᠠᠶᠢᠳᠠᠯ ᠢ ᠪᠦᠬᠦ ᠲᠠᠯ᠎ᠠ ᠪᠠᠷ ᠲᠣᠳᠣᠷᠬᠠᠢ ᠲᠠᠨᠢᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠬᠦ | ᠬᠡᠷᠡᠭᠲᠡᠢ᠃ ᠹᠧᠩ ᠱᠸᠦ ᠰᠢᠶᠠᠩ ᠲᠣᠰ ᠤᠳᠠᠭᠠᠨ ᠤ ᠬᠢᠨᠠᠨ ᠰᠢᠯᠭᠠᠵᠤ ᠦᠨᠡᠯᠡᠨ ᠵᠢᠱᠢᠬᠦ ᠪᠠ ᠫᠠᠶᠢᠰᠠ ᠠᠪᠴᠤ | ᠰᠢᠯᠭᠠᠨ ᠠᠪᠬᠤ ᠪᠡᠯᠡᠳᠬᠡᠯ ᠠᠵᠢᠯ ᠢ ᠣᠳᠣᠬᠠᠨ ᠤ ᠠᠵᠢᠯ ᠤᠨ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ | ᠪᠣᠯᠭᠠᠵᠤ᠂ ᠨᠠᠮ ᠵᠠᠰᠠᠭ ᠤᠨ ᠭᠤᠤᠯ ᠬᠠᠷᠢᠭᠤᠴᠠᠯᠭᠠᠲᠠᠨ ᠲᠣᠰᠬᠤᠨ ᠳᠠᠷᠠᠭᠠᠯᠠᠨ ᠬᠢᠨᠠᠨ ᠵᠢᠯᠣᠭᠤᠳᠴᠤ᠂ | ᠲᠣᠰᠬᠤᠨ ᠢ ᠳᠠᠭᠠᠭᠠᠴᠢᠯᠠᠭᠰᠠᠨ ᠬᠠᠷᠢᠭᠤᠴᠠᠯᠭᠠᠲᠠᠨ ᠲᠣᠰᠬᠤᠨ ᠳᠤ ᠰᠠᠭᠤᠵᠤ ᠪᠠᠶᠢᠷᠢᠯᠠᠭᠤᠯᠬᠤ᠂ ᠲᠣᠰᠬᠤᠨ ᠢ | ᠳᠠᠭᠠᠭᠠᠴᠢᠯᠠᠭᠰᠠᠨ ᠨᠢᠭᠡᠳᠦᠭᠡᠷ ᠱᠦᠵᠢ᠂ ᠲᠣᠰᠬᠤᠨ ᠢ ᠳᠠᠭᠠᠭᠠᠴᠢᠯᠠᠭᠰᠠᠨ ᠠᠵᠢᠯᠯᠠᠬᠤ ᠠᠩᠭᠢ᠂ ᠲᠣᠰᠬᠤᠨ ᠤ ︽ | ᠬᠤᠶᠠᠷ ᠵᠥᠪᠯᠡᠯ︾ ᠤᠨ ᠪᠦᠷᠢᠯᠳᠦᠬᠦᠨ ᠤ ᠠᠵᠢᠯ ᠬᠤᠪᠢᠶᠠᠷᠢᠯᠠᠨ ᠬᠠᠮᠵᠢᠯᠴᠠᠬᠤ᠂ ᠰᠢᠶᠠᠩ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠡᠳᠦᠷ ᠪᠦᠷᠢ ᠱᠠᠯᠠᠪᠳᠠᠭᠤᠯᠤᠨ ᠪᠠᠶᠢᠴᠠᠭᠠᠵᠤ ᠵᠠᠷᠯᠠᠨ ᠨᠡᠶᠢᠲᠡᠯᠡᠬᠦ ᠬᠠᠷᠢᠭᠤᠴᠠᠯᠭ᠎ᠠ ᠶᠢᠨ | ᠲᠣᠭᠲᠠᠴᠠ ᠶᠢ ᠨᠠᠶᠢᠳᠠᠪᠤᠷᠢᠵᠢᠭᠤᠯᠵᠤ᠂ ᠠᠵᠢᠯ ᠤᠨ ᠬᠦᠴᠦᠨ ᠢ ᠦᠨᠳᠦᠰᠦᠨ ᠱᠠᠲᠤᠨ ᠳᠤ ᠪᠥᠬᠦ ᠲᠠᠯ᠎ᠠ ᠪᠠᠷ | ᠳᠣᠷᠣᠭᠰᠢ ᠪᠠᠭᠤᠯᠭᠠᠬᠤ ᠶᠢ ᠳᠥᠯᠭᠢᠨ ᠠᠬᠢᠭᠤᠯᠵᠤ᠂ ᠡᠯ᠎ᠡ ᠱᠠᠲᠤᠨ ᠤ ᠺᠠᠳ᠋ᠷᠴᠤᠳ ᠨᠢᠭᠡᠳᠦᠭᠡᠷ ᠹᠷᠣᠨᠲ ᠲᠤ | ᠠᠵᠢᠯᠯᠠᠵᠤ᠂ ᠡᠮᠦᠨ᠎ᠡ ᠹᠷᠣᠨᠲ ᠲᠤ ᠭᠠᠪᠰᠢᠭᠠᠶᠢᠯᠠᠨ᠂ ᠠᠵᠢᠯ ᠤᠨ ᠬᠠᠷᠢᠭᠤᠴᠠᠯᠭ᠎ᠠ ᠶᠢ ᠦᠨᠡᠨ ᠬᠦ | ᠪᠣᠳᠠᠲᠠᠶᠢᠵᠢᠭᠤᠯᠵᠤ᠂ ᠪᠠᠶᠢᠴᠠᠭᠠᠯᠲᠠ ᠶᠢ ᠤᠭᠲᠤᠬᠤ ᠠᠵᠢᠯ ᠳᠤ ᠪᠥᠬᠦ ᠬᠦᠴᠦᠨ ᠴᠢᠳᠠᠯ ᠢᠶᠠᠨ ᠲᠥᠪᠯᠡᠷᠡᠭᠦᠯᠵᠦ᠂ | ᠬᠦᠴᠦᠷᠬᠡᠭ ᠶᠡᠭᠡ ᠠᠵᠢᠯ ᠤᠨ ᠨᠡᠶᠢᠯᠡᠮᠡᠯ ᠬᠦᠴᠦᠨ ᠢ ᠨᠢᠭᠲᠠᠷᠠᠭᠤᠯᠤᠨ ᠪᠦᠷᠢᠯᠳᠦᠭᠦᠯᠵᠦ᠂ ᠠᠵᠢᠯ ᠢ ᠪᠥᠬᠦ ᠲᠠᠯ᠎ᠠ ᠪᠠᠷ | ᠬᠠᠮᠤᠷᠴᠤ᠂ ᠥᠨᠴᠥᠭ ᠪᠤᠯᠤᠩ ᠥᠬᠡᠶ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ | ᠬᠢᠨᠠᠨ ᠰᠢᠯᠭᠠᠬᠤ ᠪᠠᠷᠢᠮᠵᠢᠶ᠎ᠠ ᠶᠢ ᠴᠢᠩᠭ᠎ᠠ ᠠᠩᠬᠠᠷᠴᠤ᠂ ᠠᠵᠢᠯ ᠢᠶᠠᠨ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ | ᠰᠢᠶᠠᠩ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠬᠡᠷ ᠠᠴᠠ ᠠᠵᠢᠯ ᠤᠨ ᠲᠤᠰᠬᠠᠶ ᠠᠩᠭᠢ | ᠪᠠᠶᠢᠭᠤᠯᠵᠤ᠂ ᠬᠤᠪᠢᠳᠠᠨ ᠬᠠᠮᠢᠶᠠᠷᠴᠤ ᠪᠥᠬᠦᠶ ᠬᠠᠷᠢᠭᠤᠴᠠᠯᠭᠠᠲᠠᠨ ᠳᠤᠭᠤᠶᠢᠯᠠᠩ ᠳᠠᠭᠠᠭᠤᠯᠤᠨ ᠲᠣᠰᠬᠤᠨ | ᠳᠠᠷᠠᠭᠠᠯᠠᠨ ᠪᠡᠯᠡᠳᠬᠡᠯ ᠠᠵᠢᠯ ᠢ ᠪᠡᠶᠡᠯᠡᠭᠦᠯᠦᠭᠰᠡᠨ ᠪᠠᠶᠢᠳᠠᠯ ᠢ ᠬᠢᠨᠠᠨ ᠵᠢᠯᠣᠭᠤᠳᠴᠤ᠂ ᠬᠢᠨᠠᠨ ᠰᠢᠯᠭᠠᠬᠤ | ᠪᠠᠷᠢᠮᠵᠢᠶ᠎ᠠ ᠶᠢ ᠴᠢᠩᠭ᠎ᠠ ᠠᠩᠬᠠᠷᠴᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠭᠰᠠᠨ ᠠᠰᠠᠭᠤᠳᠠᠯ ᠤᠨ | ᠳᠤᠲᠠᠭᠤᠳᠠᠯ ᠢ ᠴᠢᠩᠭ᠎ᠠ ᠠᠩᠬᠠᠷᠴᠤ᠂ ᠠᠬᠢᠭᠤᠯᠬᠤ ᠨᠠᠷᠢᠨ ᠲᠠᠩᠰᠠ ᠶᠢ ᠲᠣᠭᠲᠠᠭᠠᠨ᠎ᠠ᠃ ᠡᠯ᠎ᠡ ᠲᠣᠰᠬᠤᠨ | ᠱᠠᠭᠠᠷᠳᠠᠯᠭ᠎ᠠ ᠶᠣᠰᠣᠭᠠᠷ ᠪᠠᠶᠢᠴᠠᠭᠠᠯᠲᠠ ᠶᠢ ᠤᠭᠲᠤᠬᠤ ᠡᠯ᠎ᠡ ᠵᠦᠢᠯ ᠤᠨ ᠪᠡᠯᠡᠳᠬᠡᠯ ᠠᠵᠢᠯ ᠢ ᠨᠠᠷᠢᠨ ᠪᠣᠳᠠᠲᠠᠢ ᠬᠢᠵᠦ | ᠂ ᠠᠵᠢᠯ ᠤᠨ ᠵᠠᠩᠭᠢᠯᠠᠭ᠎ᠠ ᠶᠢ ᠴᠢᠩᠭ᠎ᠠ ᠠᠳᠬᠤᠵᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ | ᠠᠵᠢᠯ ᠤᠨ ᠲᠡᠰ ᠳᠠᠷᠠᠭᠠᠯᠠᠯ ᠢ ᠴᠢᠬᠤᠯᠠᠴᠢᠯᠠᠵᠤ᠂ ᠲᠤᠭ᠎ᠠ ᠪᠠᠷᠢᠮᠲᠠ ᠶᠢᠨ ᠦᠨᠡᠨ ᠪᠣᠳᠠᠲᠠᠢ ᠵᠥᠪ ᠣᠨᠣᠪᠴᠢᠲᠠᠢ | ᠪᠠᠶᠢᠬᠤ ᠶᠢ ᠪᠠᠲᠤᠯᠠᠬᠤ ᠶᠢᠨ ᠬᠠᠮᠲᠤ᠂ ᠠᠵᠢᠯ ᠤᠨ ᠨᠠᠷᠢᠨ ᠵᠦᠢᠯᠡᠰ ᠢ ᠡᠵᠡᠮᠰᠢᠵᠦ᠂ ᠲᠣᠰᠬᠤᠨ ᠤ ᠨᠠᠮ ᠤᠨ | ᠡᠭᠦᠷ ᠤᠨ ᠱᠦᠵᠢ᠂ ᠨᠢᠭᠡᠳᠦᠭᠡᠷ ᠱᠦᠵᠢ ᠶᠢᠨ ︽ᠮᠡᠳᠡᠬᠦ ᠴᠢᠳᠠᠬᠤ︾ ᠮᠡᠳᠡᠯᠭᠡ ᠶᠢ ᠡᠵᠡᠮᠰᠢᠵᠦ ᠪᠠᠶᠢᠭ᠎ᠠ ᠪᠠᠶᠢᠳᠠᠯ ᠢ | ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠠᠶᠢᠯ ᠲᠣᠰᠬᠤᠨ ᠤ ᠣᠷᠴᠢᠨ ᠲᠣᠭᠤᠷᠢᠨ ᠢ ᠠᠷᠢᠭᠤᠨ ᠴᠡᠪᠡᠷ ᠴᠡᠭᠴᠡᠯᠡᠨ | ᠵᠠᠰᠠᠬᠤ ᠵᠡᠷᠭᠡ ᠨᠠᠷᠢᠨ ᠵᠦᠢᠯᠡᠰ ᠤᠨ ᠠᠵᠢᠯ ᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠪᠠᠭ᠎ᠠ ᠠᠴᠠ ᠪᠠᠨ ᠶᠡᠭᠡ | ᠶᠠᠪᠤᠳᠠᠯ ᠢ ᠦᠵᠡᠵᠦ᠂ ᠴᠡᠭ ᠢᠶᠠᠷ ᠨᠡᠶᠢᠳᠡᠮ ᠢ ᠲᠠᠶᠢᠴᠢᠯᠠᠨ ᠠᠵᠢᠯ ᠤᠨ ᠦᠷ᠎ᠡ ᠪᠦᠲᠦᠮᠵᠢ ᠶᠢ ᠢᠯᠡᠷᠡᠭᠦᠯᠬᠦ ᠬᠡᠷᠡᠭᠲᠡᠢ᠃ | | ᠡᠷᠤᠭᠡ ᠪᠠᠷ ᠭᠦᠨᠵᠡᠬᠡᠶᠢᠷᠡᠨ ᠰᠤᠷᠪᠤᠯᠵᠢᠯᠠᠬᠤ ᠶᠢ ᠴᠢᠩᠭ᠎ᠠ ᠠᠳᠬᠤᠵᠤ᠂ ᠲᠦᠷᠤ ᠶᠢᠨ ᠪᠤᠳᠤᠯᠭ᠎ᠠ ᠶᠢᠨ | ᠨᠠᠶᠢᠳᠠᠪᠤᠷᠢᠵᠢᠭᠤᠯᠤᠯᠳᠠ ᠶᠢ ᠪᠠᠲᠤᠯᠠᠬᠤ ᠬᠡᠷᠡᠭᠲᠡᠢ᠃ ᠬᠥᠳᠡᠭᠡ ᠲᠣᠰᠬᠤᠨ ᠤ ᠬᠤᠶᠠᠷ ᠱᠠᠲᠤ ᠤᠷᠢᠳᠴᠢᠯᠠᠨ | ᠲᠥᠯᠥᠪᠵᠢᠭᠦᠯᠵᠦ᠂ ᠲᠣᠰᠬᠤᠨ ᠤ ᠺᠠᠳ᠋ᠷ᠂ ᠲᠣᠰᠬᠤᠨ ᠤ ︽ᠬᠤᠶᠠᠷ ᠵᠥᠪᠯᠡᠯ︾ ᠳᠤ ᠡᠷᠦᠬᠡ ᠳᠠᠷᠠᠭᠠᠯᠠᠨ ᠵᠢᠭᠰᠠᠭᠠᠨ | ᠪᠠᠶᠢᠴᠠᠭᠠᠵᠤ᠂ ᠬᠡᠷ ᠪᠦᠯᠢ ᠶᠢᠨ ᠡᠷᠦᠬᠡ ᠶᠢᠨ ᠬᠤᠪᠢᠷᠠᠯᠲᠠ ᠶᠢᠨ ᠪᠠᠶᠢᠳᠠᠯ᠂ ᠦᠢᠯᠡᠳᠪᠦᠷᠢᠯᠡᠯ ᠠᠮᠢᠳᠤᠷᠠᠯ ᠤᠨ | ᠪᠠᠶᠢᠳᠠᠯ᠂ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠵᠡᠷᠭᠡ ᠶᠢ ᠬᠢᠨᠠᠨ | ᠪᠠᠶᠢᠴᠠᠭᠠᠵᠤ᠂ ᠣᠷᠣᠯᠭ᠎ᠠ ᠶᠢ ᠪᠥᠬᠦ ᠲᠠᠯ᠎ᠠ ᠪᠠᠷ ᠨᠠᠷᠢᠯᠢᠭ ᠣᠨᠤᠪᠴᠢᠲᠠᠢ ᠪᠠᠷ ᠲᠣᠭᠠᠴᠠᠭ᠎ᠠ ᠬᠢᠵᠦ᠂ ᠨᠢᠭᠡ ᠡᠷᠦᠬᠡ ᠶᠢ | ᠴᠦ ᠣᠷᠬᠢᠭᠳᠠᠭᠤᠯᠬᠤ ᠥᠬᠡᠶ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠶᠢᠬᠤ ᠶᠢ ᠦᠨᠡᠨᠬᠦ ᠪᠠᠲᠤᠯᠠᠨ᠎ᠠ᠃ | ᠡᠭᠦᠨ ᠤ ᠬᠠᠮᠲᠤ ᠣᠯᠠᠨ ᠲᠦᠮᠡᠨ ᠳᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠢ | ᠢᠳᠡᠪᠬᠢᠲᠡᠶ ᠰᠠᠶᠢᠲᠤᠷ ᠬᠢᠵᠦ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ᠂ ᠨᠡᠶᠢᠭᠡᠮ ᠤᠨ ᠠᠪᠤᠷᠠᠨ | ᠲᠤᠰᠠᠯᠠᠬᠤ᠂ ᠡᠮ ᠡᠮᠨᠡᠯᠭᠡ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠬᠤ᠂ ᠬᠤᠷ᠎ᠠ ᠰᠢᠭᠦᠳᠡᠷᠢ ᠶᠢᠨ | ᠲᠥᠯᠥᠪᠯᠡᠭᠡ ᠵᠡᠷᠭᠡ ᠡᠯ᠎ᠡ ᠲᠠᠯ᠎ᠠ ᠶᠢᠨ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠪᠠ᠃ ᠬᠠᠪᠰᠤᠷᠤᠨ ᠲᠡᠳᠬᠦᠬᠦ ︽ | ᠦᠨᠡᠨ ᠰᠡᠳᠬᠢᠯ︾᠂ ᠠᠵᠢᠯ ᠤᠨ ︽ᠳᠤᠯᠠᠭᠠᠴᠠ︾ ᠪᠠᠷ ᠣᠯᠠᠨ ᠲᠦᠮᠡᠨ ᠤ ᠬᠠᠪᠰᠤᠷᠤᠨ ᠲᠡᠳᠬᠦᠬᠦ ᠠᠵᠢᠯ ᠤᠨ | ᠲᠤᠬᠠᠶ ᠮᠡᠳᠡᠷᠡᠮᠵᠢ ᠶᠢ ᠳᠡᠭᠡᠭᠰᠢᠯᠡᠭᠦᠯᠵᠦ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠ ᠬᠦᠷᠲᠡᠮᠵᠢ ᠶᠢᠨ | ᠲᠥᠷᠥᠭᠳᠡᠯ ᠢ ᠳᠡᠭᠡᠭᠰᠢᠯᠡᠭᠦᠯᠦᠨ᠎ᠡ᠃ |