| ᠳᠡᠭᠡᠳᠦ ᠱᠠᠲᠤᠨ ᠤ ᠠᠵᠢᠯᠴᠢᠨ ᠤ ᠡᠪᠯᠡᠯ ᠤᠨ ᠬᠥᠳᠡᠯᠮᠦᠷᠢ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ︽ | ᠨᠢᠭᠡ ᠵᠠᠬᠢᠳᠠᠯ ᠬᠤᠶᠠᠷ ᠪᠢᠴᠢᠭ︾ ᠤᠨ ᠠᠵᠢᠯ ᠢ ᠪᠥᠬᠦ ᠲᠠᠯ᠎ᠠ ᠪᠠᠷ ᠠᠬᠢᠭᠤᠯᠬᠤ ᠲᠤᠬᠠᠶ ᠪᠠᠶᠢᠷᠢᠯᠠᠭᠤᠯᠤᠯᠲᠠ ᠶᠢ | ᠭᠦᠨᠵᠡᠭᠡᠶ ᠨᠠᠶᠢᠳᠠᠪᠤᠷᠢᠵᠢᠭᠤᠯᠬᠤ ᠶᠢᠨ ᠲᠥᠯᠥᠭᠡ᠂ ᠪᠥᠬᠦ ᠬᠤᠰᠢᠭᠤᠨ ᠤ ᠠᠵᠢᠯᠴᠢᠨ ᠤ ᠡᠪᠯᠡᠯ ᠤᠨ ᠺᠠᠳ᠋ᠷᠴᠤᠳ ᠤᠨ | ᠬᠥᠳᠡᠯᠮᠦᠷᠢ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ | ᠂ ᠡᠯ᠎ᠡ ᠱᠠᠲᠤᠨ ᠤ ᠠᠵᠢᠯᠴᠢᠨ ᠤ ᠡᠪᠯᠡᠯ ᠤᠨ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠡᠭᠦᠷᠭᠡ ᠴᠢᠳᠠᠪᠤᠷᠢ ᠪᠠᠨ | ᠭᠦᠢᠴᠡᠳᠬᠡᠬᠦ ᠶᠢ ᠠᠬᠢᠭᠤᠯᠪᠠ᠃ 10 ᠰᠠᠷ᠎ᠠ ᠶᠢᠨ 23 ᠤ ᠡᠳᠦᠷ᠂ ᠠᠤᠬᠠᠨ ᠬᠤᠰᠢᠭᠤᠨ ᠤ ᠠᠵᠢᠯᠴᠢᠨ ᠤ | ᠶᠡᠷᠦᠩᠬᠡᠶ ᠡᠪᠯᠡᠯ ᠠᠵᠢᠯᠴᠢᠨ ᠤ ᠡᠪᠯᠡᠯ ᠤᠨ ᠬᠥᠳᠡᠯᠮᠦᠷᠢ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠭᠴᠢ ᠶᠢᠨ | ᠪᠣᠯᠪᠠᠰᠤᠷᠠᠯ ᠤᠨ ᠠᠩᠭᠢ ᠡᠷᠭᠢᠯᠡᠵᠦ᠂ ᠪᠥᠬᠦ ᠬᠤᠰᠢᠭᠤᠨ ᠤ ᠡᠯ᠎ᠡ ᠰᠢᠶᠠᠩ ᠪᠠᠯᠭᠠᠰᠤ ᠰᠤᠮᠤ ᠵᠡᠭᠡᠯᠢ | ᠭᠤᠳᠤᠮᠵᠢ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠤᠨ ᠠᠵᠢᠯᠴᠢᠨ ᠤ ᠡᠪᠯᠡᠯ ᠤᠨ ᠲᠡᠷᠢᠭᠦᠯᠡᠭᠴᠢ᠂ | ᠠᠵᠢᠯᠴᠢᠨ ᠤ ᠡᠪᠯᠡᠯ ᠤᠨ ᠬᠥᠳᠡᠯᠮᠦᠷᠢ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠭᠴᠢ ᠨᠡᠶᠢᠲᠡ 128 ᠬᠦᠮᠦᠰ | ᠪᠣᠯᠪᠠᠰᠤᠷᠠᠯ ᠳᠤ ᠣᠷᠣᠯᠴᠠᠭᠰᠠᠨ ᠪᠥᠭᠡᠳ ᠰᠢᠯᠭᠠᠯᠲᠠ ᠪᠠᠷ ᠳᠡᠮᠵᠢᠨ ᠠᠵᠢᠯᠴᠢᠨ ᠤ ᠡᠪᠯᠡᠯ ᠤᠨ ᠬᠥᠳᠡᠯᠮᠦᠷᠢ ᠶᠢᠨ | ᠬᠠᠤᠯᠢ ᠴᠠᠭᠠᠵᠠ ᠶᠢᠨ ᠬᠢᠨᠠᠯᠲᠠ ᠲᠠᠯᠪᠢᠭᠴᠢ ᠶᠢᠨ ᠦᠨᠡᠮᠯᠡᠯ ᠣᠯᠤᠭᠰᠠᠨ ᠪᠠᠶᠢᠨ᠎ᠠ᠃ | ᠪᠣᠯᠪᠠᠰᠤᠷᠠᠯ ᠨᠢ ᠠᠵᠢᠯᠴᠢᠨ ᠤ ᠡᠪᠯᠡᠯ ᠤᠨ ᠬᠥᠳᠡᠯᠮᠦᠷᠢ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ︽ | ᠨᠢᠭᠡ ᠵᠠᠬᠢᠳᠠᠯ ᠬᠤᠶᠠᠷ ᠪᠢᠴᠢᠭ︾᠂ ᠬᠥᠳᠡᠯᠮᠦᠷᠢ ᠶᠢᠨ ᠮᠠᠷᠭᠤᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ | ᠵᠢᠴᠢ ᠬᠠᠤᠯᠢ ᠴᠠᠭᠠᠵᠠ ᠶᠢᠨ ᠲᠤᠰᠠᠯᠠᠮᠵᠢ ᠵᠡᠷᠭᠡ ᠠᠭᠤᠯᠭ᠎ᠠ ᠶᠢᠨ ᠲᠣᠭᠤᠷᠢᠨ ᠳᠤ᠂ ᠣᠨᠣᠯ ᠲᠥᠷᠥ ᠶᠢᠨ ᠪᠣᠳᠣᠯᠭ᠎ᠠ | ᠪᠠ ᠪᠣᠳᠠᠲᠤ ᠶᠠᠪᠤᠳᠠᠯ ᠢ ᠤᠶᠠᠯᠳᠤᠭᠤᠯᠬᠤ᠂ ᠬᠠᠤᠯᠢ ᠴᠠᠭᠠᠵᠠ ᠶᠢᠨ ᠲᠦᠷᠢᠮ ᠲᠣᠭᠲᠠᠭᠠᠯ ᠪᠠ ᠨᠡᠶᠢᠲᠡᠯᠢᠭ ᠬᠡᠷᠡᠭ ᠤᠨ | ᠵᠢᠱᠢᠶ᠎ᠡ ᠶᠢ ᠬᠠᠷᠢᠯᠴᠠᠨ ᠤᠶᠠᠯᠳᠤᠭᠤᠯᠬᠤ ᠵᠢᠭᠠᠨ ᠰᠤᠷᠭᠠᠯᠲᠠ ᠶᠢᠨ ᠠᠷᠭ᠎ᠠ ᠮᠠᠶ᠋ᠢᠭ ᠢ ᠠᠪᠴᠤ᠂ ︽ᠨᠢᠭᠡ ᠵᠠᠬᠢᠳᠠᠯ | ᠬᠤᠶᠠᠷ ᠪᠢᠴᠢᠭ︾ ᠤᠨ ᠠᠵᠢᠯᠴᠢᠨ ᠤ ᠡᠪᠯᠡᠯ ᠤᠨ ᠬᠥᠳᠡᠯᠮᠦᠷᠢ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ | ᠦᠨᠳᠦᠰᠦᠨ ᠲᠦᠷᠢᠮ᠂ ᠬᠡᠷᠡᠭᠯᠡᠬᠦ ᠬᠡᠪᠴᠢᠶ᠎ᠡ᠂ ᠠᠵᠢᠯ ᠤᠨ ᠶᠠᠪᠤᠴᠠ ᠪᠠ ᠬᠥᠳᠡᠯᠮᠦᠷᠢ ᠶᠢᠨ ᠬᠠᠤᠯᠢ ᠴᠠᠭᠠᠵᠠ ᠶᠢᠨ | ᠬᠢᠨᠠᠯᠲᠠ ᠲᠠᠯᠪᠢᠭᠴᠢ ᠶᠢᠨ ᠡᠭᠦᠷᠭᠡ ᠬᠠᠷᠢᠭᠤᠴᠠᠯᠭ᠎ᠠ ᠵᠢᠴᠢ ᠬᠥᠳᠡᠯᠮᠦᠷᠢ ᠶᠢᠨ ᠬᠠᠤᠯᠢ ᠴᠠᠭᠠᠵᠠ ᠶᠢᠨ ᠬᠠᠮᠢᠶ᠎ᠠ ᠪᠥᠬᠦᠶ | ᠮᠡᠳᠡᠯᠭᠡ ᠵᠡᠷᠭᠡ ᠲᠠᠯ᠎ᠠ ᠪᠠᠷ ᠲᠠᠶᠢᠯᠤᠮᠵᠢ ᠬᠢᠪᠠ᠃ ᠬᠢᠴᠢᠶᠡᠯ ᠵᠢᠭᠠᠬᠤ ᠶᠢᠨ ᠠᠭᠤᠯᠤᠭᠳᠠᠬᠤᠨ ᠡᠯᠪᠡᠭ ᠪᠠᠶᠠᠯᠢᠭ᠂ | ᠵᠠᠳᠠᠯᠤᠯᠲᠠ ᠨᠡᠪᠲᠡᠷᠬᠡᠢ᠂ ᠮᠠᠰᠢ ᠴᠢᠩᠭ᠎ᠠ ᠤᠨᠤᠯ ᠤᠨ ᠴᠢᠨᠠᠷ᠂ ᠬᠠᠨᠳᠤᠯᠭᠠᠲᠤ ᠴᠢᠨᠠᠷ ᠪᠠ ᠵᠢᠯᠣᠭᠤᠳᠬᠤ ᠴᠢᠨᠠᠷ ᠲᠠᠢ | ᠪᠠᠶᠢᠵᠤ᠂ ᠪᠣᠯᠪᠠᠰᠤᠷᠠᠯ ᠳᠤ ᠣᠷᠣᠯᠴᠠᠭᠰᠠᠳ ᠤᠨ ᠠᠵᠢᠯᠲᠠᠨ ᠠᠵᠢᠯᠴᠢᠨ ᠤ ᠡᠷᠬᠡ ᠪᠠᠨ ᠬᠠᠮᠠᠭᠠᠯᠠᠬᠤ ᠠᠵᠢᠯ ᠤᠨ | ᠬᠢᠷᠢ ᠲᠦᠪᠰᠢᠨ ᠪᠠ ᠠᠵᠢᠯᠴᠢᠨ ᠤ ᠡᠪᠯᠡᠯ ᠤᠨ ᠬᠥᠳᠡᠯᠮᠦᠷᠢ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ | ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠳᠤ ᠰᠠᠶᠢᠨ ᠰᠠᠶᠢᠬᠠᠨ ᠰᠠᠭᠤᠷᠢ ᠶᠢ ᠲᠠᠯᠪᠢᠵᠤ ᠥᠭᠪᠡ᠃ | ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠩᠭᠤ ᠶᠢᠨ ᠳᠡᠳ᠋ ᠲᠡᠷᠢᠭᠦᠯᠡᠭᠴᠢ ᠪᠦᠦ ᠶᠠ ᠯᠢ ᠪᠥᠬᠦ ᠬᠤᠰᠢᠭᠤᠨ ᠤ | ᠠᠵᠢᠯᠴᠢᠨ ᠤ ᠡᠪᠯᠡᠯ ᠤᠨ ᠬᠥᠳᠡᠯᠮᠦᠷᠢ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ᠃ ᠲᠡᠷᠡ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠡᠯ᠎ᠡ ᠱᠠᠲᠤᠨ ᠤ ᠠᠵᠢᠯᠴᠢᠨ ᠤ ᠡᠪᠯᠡᠯ | ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠨᠢᠭᠡ ᠵᠠᠬᠢᠳᠠᠯ ᠬᠤᠶᠠᠷ ᠪᠢᠴᠢᠭ︾ ᠢ ᠨᠢᠭᠡ ᠵᠦᠢᠯ ᠤᠨ | ᠡᠬᠢ ᠡᠭᠦᠰᠦᠯ ᠠᠴᠠ ᠨᠢ ᠵᠠᠰᠠᠬᠤ᠂ ᠤᠷᠢᠳᠴᠢᠯᠠᠨ ᠰᠡᠷᠭᠡᠶᠢᠯᠡᠬᠦ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠠᠷᠭ᠎ᠠ | ᠬᠡᠮᠵᠢᠶ᠎ᠡ ᠪᠣᠯᠭᠠᠵᠤ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ᠂ ᠬᠥᠳᠡᠯᠮᠦᠷᠢ ᠶᠢᠨ | ᠠᠵᠢᠯᠴᠢᠨ ᠬᠡᠷᠡᠭᠯᠡᠬᠦ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠡᠶ᠎ᠡ ᠵᠣᠬᠢᠴᠠᠯ ᠲᠠᠢ ᠬᠥᠳᠡᠯᠮᠦᠷᠢ ᠶᠢᠨ | ᠬᠠᠷᠢᠴᠠᠭ᠎ᠠ ᠶᠢ ᠪᠠᠶᠢᠭᠤᠯᠬᠤ ᠶᠢ ᠠᠬᠢᠭᠤᠯᠬᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ | ᠪᠠᠶᠢᠳᠠᠯ ᠢ ᠬᠠᠮᠠᠭᠠᠯᠠᠬᠤ ᠳᠤ ᠴᠢᠬᠤᠯᠠ ᠠᠴᠢ ᠬᠤᠯᠪᠣᠭᠳᠠᠯ ᠪᠣᠯᠭᠠᠬᠤ ᠬᠡᠷᠡᠭᠲᠡᠶ᠃ ᠡᠯ᠎ᠡ ᠰᠢᠶᠠᠩ ᠪᠠᠯᠭᠠᠰᠤ ᠰᠤᠮᠤ | ᠵᠡᠭᠡᠯᠢ ᠭᠤᠳᠤᠮᠵᠢ ᠬᠦᠷᠢᠶᠡᠯᠡᠩ ᠲᠣᠭᠤᠷᠢᠭ ᠤᠨ ᠠᠵᠢᠯᠴᠢᠨ ᠤ ᠡᠪᠯᠡᠯ᠂ ᠡᠯ᠎ᠡ ᠠᠵᠤ ᠠᠬᠤᠶᠢᠯᠠᠯ ᠤᠨ ᠠᠵᠢᠯᠴᠢᠨ ᠤ | ᠡᠪᠯᠡᠯ ᠨᠢ ᠠᠵᠤ ᠠᠬᠤᠶᠢᠯᠠᠯ ᠯᠤᠭ᠎ᠠ ᠢᠳᠡᠪᠬᠢᠲᠡᠶ ᠪᠠᠷ ᠵᠣᠯᠭᠠᠭᠤᠯᠵᠤ᠂ ᠠᠵᠢᠯᠲᠠᠨ ᠠᠵᠢᠯᠴᠢᠨ ᠡᠯᠰᠡᠬᠦ ᠰᠠᠨᠠᠯ᠂ | ᠬᠥᠳᠡᠯᠮᠦᠷᠢ ᠶᠢᠨ ᠬᠠᠤᠯᠢ ᠴᠠᠭᠠᠵᠠ ᠶᠢᠨ ᠪᠡᠶ᠎ᠡ ᠶᠢᠨ ᠪᠠᠶᠢᠴᠠᠭᠠᠯᠲᠠ᠂ ᠬᠥᠳᠡᠯᠮᠦᠷᠢ ᠠᠵᠢᠯᠴᠢᠨ ᠬᠡᠷᠡᠭᠯᠡᠬᠦ ᠣᠷᠴᠢᠨ | ᠲᠣᠭᠤᠷᠢᠨ ᠢ ᠬᠢᠨᠠᠨ ᠪᠠᠶᠢᠴᠠᠭᠠᠬᠤ᠂ ᠬᠥᠳᠡᠯᠮᠦᠷᠢ ᠶᠢᠨ ᠬᠠᠷᠢᠴᠠᠭ᠎ᠠ ᠶᠢ ᠤᠷᠢᠳᠴᠢᠯᠠᠨ ᠰᠡᠷᠡᠮᠵᠢᠯᠡᠭᠦᠯᠵᠦ ᠬᠢᠨᠠᠨ | ᠬᠡᠮᠵᠢᠬᠦ᠂ ᠠᠵᠢᠯᠲᠠᠨ ᠠᠵᠢᠯᠴᠢᠨ ᠣᠯᠠᠨ ᠲᠦᠮᠡᠨ ᠤ ᠵᠠᠭᠠᠯᠳᠤᠯᠭ᠎ᠠ ᠰᠠᠨᠠᠭᠤᠯᠭ᠎ᠠ ᠶᠢ ᠬᠦᠯᠢᠶᠡᠨ ᠠᠪᠴᠤ | ᠰᠢᠢᠳᠪᠦᠷᠢᠯᠡᠬᠦ ᠵᠡᠷᠭᠡ ᠠᠵᠢᠯ ᠢ ᠭᠦᠨᠵᠡᠭᠡᠶ ᠥᠷᠨᠢᠭᠦᠯᠵᠦ᠂ ᠠᠵᠤ ᠠᠬᠤᠶᠢᠯᠠᠯ ᠳᠤ ᠬᠥᠳᠡᠯᠮᠦᠷᠢ ᠶᠢᠨ ᠬᠠᠤᠯᠢ | ᠴᠠᠭᠠᠵᠠ ᠶᠢᠨ ᠬᠢᠨᠠᠯᠲᠠ ᠲᠠᠯᠪᠢᠬᠤ ᠰᠠᠨᠠᠭᠤᠯᠤᠮᠵᠢ ᠶᠢ ᠴᠠᠭ ᠲᠤᠬᠠᠶ ᠳᠤᠨᠢ ᠶᠠᠪᠤᠭᠤᠯᠵᠤ᠂ ᠥᠷᠭᠡᠨ ᠣᠯᠠᠨ | ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ ᠪᠡᠶᠡᠯᠡᠭᠦᠯᠵᠦ᠂ ᠰᠠᠶᠢᠲᠤᠷ ᠬᠠᠮᠠᠭᠠᠯᠠᠵᠤ᠂ | ᠰᠠᠶᠢᠲᠤᠷ ᠬᠥᠭᠵᠢᠭᠦᠯᠬᠦ ᠳᠤ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠬᠤ ᠬᠡᠷᠡᠭᠲᠡᠶ᠃ |