ᠠᠤᠬᠠᠨ ᠬᠤᠰᠢᠭᠤᠨ ᠤ ᠠᠵᠤ ᠠᠬᠤᠶᠢᠯᠠᠯ ︽ᠮᠣᠩᠭᠤᠯ︾ ᠦᠰᠦᠭᠲᠦ ᠲᠡᠮᠳᠡᠭ ᠤᠨ ᠭᠡᠷᠡᠴᠢᠯᠡᠯ ᠢ ᠳᠠᠬᠢᠨᠲᠠ ᠬᠦᠷᠲᠡᠪᠡ
ᠨᠡᠶᠢᠲᠡᠯᠡᠭᠰᠡᠨ ᠴᠠᠭ᠄
2024/10/25
      ᠣᠶᠢᠷ᠎ᠠ ᠳᠤ᠂ ᠥᠪᠥᠷ ᠮᠣᠩᠭᠤᠯ ᠤᠨ  ᠱᠠ ᠮᠥᠸᠧ ᡁᠢ ᠬᠤᠸᠠ ᠠᠮᠢ ᠠᠬᠤᠢ ᠶᠢᠨ ᠠᠵᠤ ᠦᠢᠯᠡᠰ ᠤᠨ  ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠭᠰᠡᠨ ᠴᠢᠴᠠᠷᠭᠠᠨ᠎ᠠ ᠶᠢᠨ  ᠡᠭᠡᠳᠡᠩ᠂ ᠭᠦᠢᠯᠡᠰᠦᠨ ᠴᠥᠮ᠎ᠡ ᠶᠢᠨ ᠤᠮᠳᠠᠭᠠᠨ ᠤ ᠰᠢᠷᠢᠰ᠂ ᠴᠢᠴᠠᠷᠭᠠᠨ᠎ᠠ ᠶᠢᠨ ᠤᠮᠳᠠᠭᠠᠨ ᠤ ᠰᠢᠷᠢᠰ  ᠨᠢ  ᠨᠡᠶᠢᠲᠡ 14 ᠬᠠᠭᠤᠳᠠᠰᠤ ︽ᠮᠣᠩᠭᠤᠯ︾ ᠦᠰᠦᠭᠲᠦ ᠲᠡᠮᠳᠡᠭ ︵ᠥᠷᠭᠡᠳᠭᠡᠬᠦ ᠵᠦᠢᠯ︶ ᠤᠨ ᠭᠡᠷᠡᠴᠢᠯᠡᠯ ᠢ ᠣᠯᠵᠤ᠂ ᠤᠯᠠᠭᠠᠨᠬᠠᠳᠠ ᠬᠤᠲᠠ ᠶᠢᠨ ᠴᠣᠷ ᠤᠨ ᠭᠠᠭᠴᠠ ︽ᠮᠣᠩᠭᠤᠯ︾ ᠦᠰᠦᠭᠲᠦ ᠲᠡᠮᠳᠡᠭ  ᠢᠶᠠᠷ  ᠭᠡᠷᠡᠴᠢᠯᠡᠭᠳᠡᠭᠰᠡᠨ ᠤᠮᠳᠠᠭᠠᠨ ᠤ  ᠦᠢᠯᠡᠳᠪᠦᠷᠢᠯᠡᠬᠦ ᠠᠵᠤ  ᠠᠬᠤᠶᠢᠯᠠᠯ ᠪᠣᠯᠪᠠ᠃    ︽ᠮᠣᠩᠭᠤᠯ︾  ᠦᠰᠦᠭᠲᠦ ᠲᠡᠮᠳᠡᠭ ᠤᠨ ᠭᠡᠷᠡᠴᠢᠯᠡᠯ ᠪᠣᠯ ᠨᠢᠭᠡ ᠵᠦᠢᠯ ᠤᠨ ᠰᠠᠶᠢᠨ ᠳᠤᠷ᠎ᠠ ᠶᠢᠨ ᠴᠢᠨᠠᠷᠲᠠᠶ ᠦᠢᠯᠡᠳᠬᠦᠨ ᠤ ᠭᠡᠷᠡᠴᠢᠯᠡᠯ ᠮᠥᠨ᠂ ᠬᠤᠯᠪᠣᠭᠠᠨ ᠤ ᠭᠡᠷᠡᠴᠢᠯᠡᠯ ᠤᠨ ᠪᠠᠶᠢᠭᠤᠯᠤᠮᠵᠢ ᠶᠢᠨ ᠣᠯᠠᠨ ᠤᠯᠤᠰ ᠲᠤ ᠨᠡᠶᠢᠳᠡᠮ ᠬᠡᠷᠡᠭᠯᠡᠵᠦ ᠪᠠᠶᠢᠭ᠎ᠠ ᠬᠢᠷᠢ ᠲᠡᠩᠴᠡᠭᠰᠡᠨ ᠢ ᠦᠨᠡᠯᠡᠨ ᠲᠣᠭᠲᠠᠭᠠᠬᠤ ᠠᠷᠭ᠎ᠠ ᠮᠠᠶ᠋ᠢᠭ ᠢ ᠬᠡᠷᠡᠭᠯᠡᠨ᠂ ᠭᠡᠷᠡᠴᠢᠯᠡᠯ ᠤᠨ ᠠᠷᠭ᠎ᠠ ᠪᠠᠷᠢᠯ ᠢ ᠬᠡᠷᠡᠭᠯᠡᠨ ᠥᠪᠥᠷ ᠮᠣᠩᠭᠤᠯ ᠠᠴᠠ ᠢᠷᠡᠯᠲᠡ ᠲᠠᠢ ᠴᠢᠨᠠᠷ ᠰᠠᠶᠢᠲᠠᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠳᠤ ᠥᠷᠨᠢᠭᠦᠯᠦᠭᠰᠡᠨ ᠭᠤᠷᠪᠠᠳᠠᠬᠢ ᠡᠲᠡᠭᠡᠳ ᠠᠴᠠ  ᠣᠯᠣᠭᠰᠠᠨ ᠦᠨᠡᠯᠡᠯᠲᠡ ᠪᠣᠯᠤᠨ᠎ᠠ᠃ ︽ᠮᠣᠩᠭᠤᠯ︾  ᠦᠰᠦᠭᠲᠦ ᠲᠡᠮᠳᠡᠭ ᠤᠨ ᠭᠡᠷᠡᠴᠢᠯᠡᠯ ᠢ ᠣᠯᠤᠭᠰᠠᠨ ᠨᠢ ᠠᠵᠤ ᠠᠬᠤᠶᠢᠯᠠᠯ ᠢ ᠲᠥᠯᠥᠭᠡᠯᠡᠨ ᠥᠨᠳᠥᠷ ᠪᠠᠷᠢᠮᠵᠢᠶᠠᠲᠤ ᠪᠠ ᠴᠢᠩᠭ᠎ᠠ ᠭᠡᠷᠡᠴᠢᠯᠡᠯ ᠤᠨ ᠱᠠᠲᠤ ᠦᠶ᠎ᠡ ᠶᠢᠨ ᠰᠢᠯᠭᠠᠯᠲᠠ ᠶᠢ ᠥᠩᠭᠡᠷᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠬᠡᠷᠡᠭᠯᠡᠭᠴᠢᠳ ᠲᠤ ᠴᠢᠨᠠᠷ ᠰᠠᠶᠢᠲᠠᠶ ᠥᠪᠥᠷ ᠮᠣᠩᠭᠤᠯ ᠤᠨ ᠰᠠᠶᠢᠨ ᠦᠢᠯᠡᠳᠬᠦᠨ ᠢ ᠰᠣᠩᠭᠤᠬᠤ ᠳᠤ ᠰᠢᠨᠵᠢᠯᠡᠬᠦ ᠤᠬᠠᠭᠠᠨᠴᠢ᠂ ᠴᠢᠩᠭ᠎ᠠ ᠨᠢᠮᠪᠠᠶ ᠦᠨᠳᠦᠰᠦᠯᠡᠯ ᠬᠠᠩᠭᠠᠭᠰᠠᠨ ᠪᠠᠶᠢᠨ᠎ᠠ᠃ 2024 ᠣᠨ ᠳᠤ᠂ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠠᠴᠠ ︽ᠮᠣᠩᠭᠤᠯ︾  ᠦᠰᠦᠭᠲᠦ ᠲᠡᠮᠳᠡᠭ ᠤᠨ ᠭᠡᠷᠡᠴᠢᠯᠡᠯ ᠢ ᠪᠥᠬᠦ ᠤᠯᠤᠰ ᠤᠨ ᠶᠠᠰᠤ ᠴᠢᠨᠠᠷ ᠤᠨ ᠭᠡᠷᠡᠴᠢᠯᠡᠯ ᠤᠨ ᠦᠢᠯᠡᠴᠢᠯᠡᠭᠡᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ 12 ᠵᠦᠢᠯ ᠤᠨ ᠰᠢᠯᠢᠳᠡᠭ ᠬᠡᠷᠡᠭ ᠤᠨ ᠵᠢᠱᠢᠶ᠎ᠡ ᠶᠢᠨ ᠨᠢᠭᠡ ᠪᠠᠷ ᠦᠨᠡᠯᠡᠪᠡ᠃    ᠣᠶᠢᠷ᠎ᠠ ᠶᠢᠨ ᠵᠢᠯ ᠳᠤ᠂ ᠠᠤᠬᠠᠨ ᠬᠤᠰᠢᠭᠤ ᠪᠥᠬᠦ ᠬᠤᠰᠢᠭᠤᠨ ᠤ ᠠᠵᠤ ᠦᠢᠯᠡᠰ ᠤᠨ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ ᠪᠠ ᠨᠠᠷᠠᠲᠤ ᠲᠡᠮᠳᠡᠭᠲᠦ ᠶᠢᠨ ᠰᠠᠭᠤᠷᠢ ᠳᠤ ᠰᠠᠭᠤᠷᠢᠯᠠᠨ᠂ ᠮᠠᠯ ᠤᠨ ᠠᠰᠢᠭ ᠰᠢᠮ᠎ᠡ  ᠲᠠᠷᠢᠶᠠᠯᠠᠩ  ᠤᠨ ᠪᠦᠲᠦᠭᠡᠭᠳᠡᠬᠦᠨ ᠤ ᠬᠦᠷᠢᠶᠡᠨ ᠳᠠᠬᠢ ︽ᠮᠣᠩᠭᠤᠯ︾ ᠦᠰᠦᠭᠲᠦ ᠲᠡᠮᠳᠡᠭ ᠢ ᠭᠡᠷᠡᠴᠢᠯᠡᠬᠦ ᠠᠵᠢᠯ ᠢ ᠢᠳᠡᠪᠬᠢᠲᠡᠶ ᠠᠬᠢᠭᠤᠯᠵᠤ᠂ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠂ ᠨᠢᠭᠡ ᠪᠦᠯᠦᠭ ᠥᠷᠢᠰᠥᠯᠳᠦᠬᠦ ᠬᠦᠴᠦᠨ ᠢᠶᠠᠷ ᠴᠢᠩᠭ᠎ᠠ ᠮᠠᠯ ᠤᠨ ᠠᠰᠢᠭ ᠰᠢᠮ᠎ᠡ ᠲᠠᠷᠢᠶᠠᠯᠠᠩ  ᠤᠨ ᠪᠦᠲᠦᠭᠡᠭᠳᠡᠬᠦᠨ ᠤ ᠨᠠᠷᠠᠲᠤ ᠲᠡᠮᠳᠡᠭᠲᠦ ᠶᠢ ᠪᠤᠶᠢᠵᠢᠭᠤᠯᠪᠠ᠃ ᠣᠳᠣᠬᠠᠨ ᠳᠤ᠂ ᠪᠥᠬᠦ ᠬᠤᠰᠢᠭᠤᠨ ᠳᠤ ︽ᠮᠣᠩᠭᠤᠯ︾ ᠦᠰᠦᠭᠲᠦ ᠲᠡᠮᠳᠡᠭ ᠤᠨ ᠭᠡᠷᠡᠴᠢᠯᠡᠯ ᠭᠥᠷᠳᠡᠭᠰᠡᠨ ᠠᠵᠤ ᠠᠬᠤᠶᠢᠯᠠᠯ 5 ᠪᠠᠶᠢᠵᠤ᠂ ᠤᠯᠠᠭᠠᠨᠬᠠᠳᠠ ᠶᠢᠨ ᠡᠯ᠎ᠡ ᠬᠤᠰᠢᠭᠤ ᠰᠢᠶᠠᠨ ᠲᠣᠭᠤᠷᠢᠭ ᠤᠨ ᠲᠡᠷᠢᠭᠦᠨ ︵ᠪᠥᠬᠦ ᠬᠤᠲᠠ ᠳᠤ ᠨᠡᠶᠢᠲᠡ 8 ᠡᠷᠦᠬᠡ︶ ᠳᠤ ᠵᠢᠭᠰᠠᠭᠠᠭᠳᠠᠵᠤ ᠪᠠᠶᠢᠨ᠎ᠠ᠃    ᠲᠠᠷᠠᠭᠠᠴᠢ ᠶᠢᠨ ᠠᠯᠬᠤᠮ ᠳᠤ᠂ ᠠᠤᠬᠠᠨ ᠬᠤᠰᠢᠭᠤ ᠲᠣᠰ ᠪᠡᠶ᠎ᠡ ᠶᠢᠨ ᠡᠭᠦᠷᠭᠡ ᠴᠢᠳᠠᠪᠤᠷᠢ ᠶᠢᠨ ᠳᠠᠪᠠᠭᠤᠯᠢᠭ ᠲᠠᠭᠠᠨ ᠰᠠᠭᠤᠷᠢᠯᠠᠨ᠂ ︽ᠮᠣᠩᠭᠤᠯ︾ ᠦᠰᠦᠭᠲᠦ ᠲᠡᠮᠳᠡᠭ ᠤᠨ ᠭᠡᠷᠡᠴᠢᠯᠡᠯ ᠤᠨ ᠠᠵᠤ ᠠᠬᠤᠶᠢᠯᠠᠯ ᠢ ᠪᠤᠶᠢᠵᠢᠭᠤᠯᠤᠨ ᠬᠥᠲᠥᠯᠦᠨ ᠵᠢᠯᠣᠭᠤᠳᠬᠤ ᠪᠠ ᠤᠬᠠᠭᠤᠯᠤᠨ ᠳᠡᠯᠭᠡᠷᠡᠭᠦᠯᠬᠦ ᠠᠵᠢᠯ ᠢ ᠦᠷᠭᠦᠯᠵᠢᠯᠡᠨ ᠴᠢᠩᠭᠠᠳᠬᠠᠵᠤ᠂ ᠭᠤᠶᠤᠴᠢᠯᠠᠨ ᠮᠡᠳᠡᠭᠦᠯᠬᠦ ᠠᠵᠤ ᠠᠬᠤᠶᠢᠯᠠᠯ ᠤᠨ ᠵᠢᠯᠣᠭᠤᠳᠣᠯᠭ᠎ᠠ ᠪᠠᠨ ᠴᠢᠩᠭᠠᠳᠬᠠᠨ᠂ ᠲᠣᠰ ᠭᠠᠵᠠᠷ ᠤᠨ ᠳᠠᠪᠠᠭᠤᠯᠢᠭ ᠤᠨᠴᠠᠯᠢᠬᠳᠤ  ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ︽ᠮᠣᠩᠭᠤᠯ︾ ᠦᠰᠦᠭᠲᠦ ᠲᠡᠮᠳᠡᠭ ᠤᠨ ᠭᠡᠷᠡᠴᠢᠯᠡᠯ ᠤᠨ ᠥᠨᠳᠥᠷ ᠪᠠᠷᠢᠮᠵᠢᠶᠠᠲᠤ ᠰᠢᠰᠲ᠋ᠧᠮ ᠤᠨ ᠪᠠᠶᠢᠭᠤᠯᠤᠯᠲᠠ ᠳᠤ ᠣᠷᠣᠭᠤᠯᠬᠤ ᠪᠠᠷ ᠴᠢᠷᠮᠠᠶᠢᠵᠤ᠂ ᠪᠥᠬᠦ ᠬᠤᠰᠢᠭᠤᠨ ᠤ ︽ᠮᠣᠩᠭᠤᠯ︾ ᠦᠰᠦᠭᠲᠦ ᠲᠡᠮᠳᠡᠭ ᠤᠨ ᠭᠡᠷᠡᠴᠢᠯᠡᠯ ᠤᠨ ᠠᠵᠤ ᠠᠬᠤᠶᠢᠯᠠᠯ ᠵᠢᠴᠢ ᠦᠢᠯᠡᠳᠬᠦᠨ ᠤ ᠪᠠᠭᠲᠠᠭᠠᠮᠵᠢ ᠶᠢ ᠥᠷᠭᠡᠳᠬᠡᠬᠦ ᠬᠤᠷᠳᠤᠴᠠ ᠶᠢ ᠲᠦᠷᠭᠡᠳᠬᠡᠬᠦ ᠪᠠᠷ ᠴᠢᠷᠮᠠᠶᠢᠵᠤ᠂ ᠪᠥᠬᠦ ᠬᠤᠰᠢᠭᠤᠨ ᠤ ᠴᠢᠨᠠᠷ ᠰᠠᠶᠢᠲᠠᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠵᠤ ᠦᠢᠯᠡᠰ ᠤᠨ ᠬᠡᠪᠴᠢᠶᠡᠵᠢᠭᠰᠡᠨ᠂ ᠪᠠᠷᠢᠮᠵᠢᠶᠠᠵᠢᠭᠰᠠᠨ᠂ ᠨᠠᠷᠠᠲᠤ ᠲᠡᠮᠳᠡᠭᠵᠢᠭᠰᠡᠨ ᠳᠠᠰᠢ ᠬᠥᠭᠵᠢᠬᠦ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号