651.5 ᠺᠢᠯᠣᠭ᠍ᠷᠠᠮ ᠢ ᠳᠠᠪᠠᠵᠤ ᠥᠪᠡᠷᠲᠡᠭᠡᠨ ᠵᠠᠰᠠᠬᠤ ᠣᠷᠣᠨ ᠤ ᠨᠠᠷᠢᠮᠤ ᠶᠢᠨ ᠨᠢᠭᠡᠴᠢ ᠤᠨᠠᠯᠲᠠ ᠶᠢᠨ ᠬᠠᠮᠤᠭ ᠤᠨ ᠥᠨᠳᠥᠷ ᠲᠡᠮᠳᠡᠭᠯᠡᠯ ᠢ ᠡᠭᠦᠳᠪᠡ
ᠨᠡᠶᠢᠲᠡᠯᠡᠭᠰᠡᠨ ᠴᠠᠭ᠄
2024/10/28
     ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠲᠠᠯᠠᠪᠠᠶ ᠶᠢ ᠲᠣᠭᠲᠠᠪᠤᠷᠢᠵᠢᠭᠤᠯᠬᠤ᠂ ᠲᠠᠯᠠᠪᠠᠶ ᠨᠢᠭᠡᠴᠢ ᠶᠢᠨ ᠤᠨᠠᠯᠲᠠ ᠶᠢ ᠨᠡᠮᠡᠭᠳᠡᠭᠦᠯᠬᠦ ᠬᠤᠶᠠᠷ ᠲᠠᠯ᠎ᠠ ᠪᠠᠷ ᠬᠦᠴᠦᠯᠡᠬᠦ ᠶᠢ ᠪᠠᠷᠢᠮᠲᠠᠯᠠᠵᠤ᠂ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠢ ᠰᠠᠶᠢᠲᠤᠷ ᠠᠳᠬᠤᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠠᠴᠠ ᠪᠥᠬᠦ ᠣᠷᠣᠨ ᠤ ᠬᠡᠪᠴᠢᠶᠡᠨ ᠳᠤ ᠭᠤᠤᠯ ᠪᠣᠯᠬᠤ ᠠᠮᠤ ᠲᠣᠰᠣᠨ ᠤ ᠲᠠᠷᠢᠮᠠᠯ ᠤᠨ ᠥᠨᠳᠥᠷ ᠤᠨᠠᠯᠲᠠ ᠶᠢᠨ ᠤᠷᠤᠯᠳᠤᠭᠠᠨ ᠤ ᠠᠵᠢᠯᠯᠠᠭ᠎ᠠ ᠶᠢ ᠥᠷᠨᠢᠭᠦᠯᠪᠡ᠃ 9 ᠰᠠᠷ᠎ᠠ ᠶᠢᠨ 24 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ ︽2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯ ᠪᠣᠯᠬᠤ ᠠᠮᠤ ᠲᠣᠰᠣᠨ ᠤ ᠲᠠᠷᠢᠮᠠᠯ ᠤᠨ ᠥᠨᠳᠥᠷ ᠤᠨᠠᠯᠲᠠ ᠶᠢᠨ ᠤᠷᠤᠯᠳᠤᠭᠠᠨ ᠤ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠣᠰᠣᠭᠠᠷ᠂ ᠤᠯᠠᠭᠠᠨᠬᠠᠳᠠ ᠬᠤᠲᠠ ᠶᠢᠨ ᠠᠤᠬᠠᠨ ᠬᠤᠰᠢᠭᠤᠨ ᠤ ᠨᠠᠷᠢᠮᠤ ᠶᠢᠨ ᠲᠦᠮᠡᠨ ᠮᠦ ᠶᠢᠨ ᠵᠢᠱᠢᠶ᠎ᠡ ᠦᠵᠡᠭᠦᠯᠬᠦ ᠬᠡᠰᠡᠭ ᠢᠶᠠᠷ ᠲᠤᠬᠠᠶ ᠶᠢᠨ ᠭᠠᠵᠠᠷ ᠲᠤᠨᠢ ᠤᠨᠠᠯᠲᠠ ᠶᠢ ᠬᠡᠮᠵᠢᠪᠡ᠃    ᠲᠣᠰ ᠭᠠᠵᠠᠷ ᠨᠢ ᠰᠢᠶᠠ ᠸᠠ ᠪᠠᠯᠭᠠᠰᠤᠨ ᠤ ᠸᠠᠨ ᠽᠧᠩ ᠬᠤᠤ ᠲᠣᠰᠬᠤᠨ ᠳᠤ ᠪᠠᠶᠢᠷᠢᠯᠠᠵᠤ᠂ ᠠᠤᠬᠠᠨ ᠬᠤᠰᠢᠭᠤᠨ ᠤ ᠯᠦᠩ ᠰᠢᠩ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠡᠵᠡᠩᠨᠡᠨ ᠬᠠᠮᠢᠶᠠᠷᠴᠤ᠂ ᠲᠠᠷᠢᠮᠠᠯ ᠤᠨ ᠲᠠᠯᠠᠪᠠᠶ ᠨᠢ 10 189 ᠮᠥ ᠪᠠᠶᠢᠨ᠎ᠠ ᠃ ᠤᠨᠠᠯᠲᠠ ᠶᠢ ᠬᠡᠮᠵᠢᠬᠦ ᠠᠵᠢᠯ ᠢ ᠨᠠᠷᠢᠮᠤ ᠶᠢᠨ ᠲᠠᠷᠢᠶᠠᠨ ᠭᠠᠵᠠᠷ ᠤᠨ ᠤᠨᠠᠯᠲᠠ ᠶᠢ ᠬᠡᠮᠵᠢᠬᠦ ᠠᠷᠭ᠎ᠠ ᠪᠠᠷ ᠨᠠᠷᠢᠮᠤ ᠶᠢᠨ ᠲᠦᠮᠡᠨ ᠮᠥ ᠬᠡᠰᠡᠭ ᠭᠠᠵᠠᠷ ᠲᠤ ᠲᠤᠬᠠᠶ ᠶᠢᠨ ᠭᠠᠵᠠᠷ ᠲᠤᠨᠢ ᠬᠠᠶᠢᠨ ᠪᠠᠶᠢᠴᠠᠭᠠᠯᠲᠠ ᠬᠢᠭᠰᠡᠨ ᠰᠠᠭᠤᠷᠢᠨ ᠳᠡᠭᠡᠷ᠎ᠡ ᠨᠠᠷᠢᠮᠤ ᠶᠢᠨ ᠤᠨᠠᠯᠲᠠ ᠶᠢᠨ ᠬᠡᠮᠵᠢᠶ᠎ᠡ ᠶᠢ ᠬᠡᠮᠵᠢᠪᠡ ᠃ ᠬᠡᠮᠵᠢᠭᠰᠡᠨ ᠳ᠋ᠦᠩ ᠨᠢ ᠥᠪᠡᠷᠲᠡᠭᠡᠨ ᠵᠠᠰᠠᠬᠤ ᠣᠷᠣᠨ ᠤ ᠨᠠᠷᠢᠮᠤ ᠶᠢᠨ ᠲᠦᠮᠡᠨ ᠮᠦ ᠶᠢᠨ ᠬᠡᠰᠡᠭ ᠤᠨ ᠬᠠᠮᠤᠭ ᠤᠨ ᠥᠨᠳᠥᠷ ᠨᠢᠭᠡᠴᠢ ᠤᠨᠠᠯᠲᠠ ᠶᠢᠨ ᠲᠡᠮᠳᠡᠭᠯᠡᠯ ᠢ ᠡᠭᠦᠳᠪᠡ᠃    ᠲᠤᠰ ᠲᠠᠷᠢᠶᠠᠨ ᠭᠠᠵᠠᠷ ᠢ ᠰᠣᠩᠭᠤᠨ ᠬᠡᠷᠡᠭᠯᠡᠭᠰᠡᠨ ᠨᠠᠷᠢᠮᠤ ᠶᠢᠨ ᠡᠭᠦᠯᠳᠡᠷ ᠨᠢ ᠣᠣ ᠭᠦ᠋8000   ᠪᠠᠶᠢᠵᠤ ᠂ ᠠᠤᠬᠠᠨ ᠤ ᠨᠠᠷᠢᠮᠤ ᠶᠢᠨ ︽ᠬᠢᠯᠪᠠᠷᠬᠠᠨ ᠢᠶᠠᠷ ᠳᠠᠷᠢᠵᠤ ᠤᠷᠭᠤᠭᠤᠯᠬᠤ︾ ᠢᠵᠢ ᠪᠦᠷᠢᠳᠦᠭᠦᠯᠬᠦ ᠮᠡᠷᠭᠡᠵᠢᠯ ᠢ ᠬᠡᠷᠡᠭᠯᠡᠭᠰᠡᠨ ᠪᠠᠶᠢᠨ᠎ᠠ᠃ ᠬᠠᠪᠤᠷ ᠤᠨ ᠲᠠᠷᠢᠶᠠᠯᠠᠭ᠎ᠠ᠂ ᠵᠤᠨ ᠤ ᠬᠠᠮᠢᠶᠠᠷᠤᠯᠲᠠ᠂ ᠨᠠᠮᠤᠷ ᠤᠨ ᠬᠤᠷᠢᠶᠠᠯᠲᠠ ᠵᠡᠷᠭᠡ ᠴᠢᠬᠤᠯᠠ ᠦᠢᠯᠡᠳᠪᠦᠷᠢᠯᠡᠯ ᠤᠨ ᠭᠤᠭᠴᠤᠭ᠎ᠠ ᠳᠤ᠂ ᠠᠤᠬᠠᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠠᠮᠤ ᠪᠤᠳᠠᠭ᠎ᠠ ᠲᠣᠰᠣᠨ ᠤ ᠲᠠᠷᠢᠮᠠᠯ ᠤᠨ ᠮᠡᠷᠭᠡᠵᠢᠯ ᠤᠨ ᠥᠷᠲᠡᠭᠡ ᠶᠢᠨ ᠲᠠᠷᠢᠶᠠᠯᠠᠩ ᠤᠨ ᠮᠡᠷᠭᠡᠵᠢᠯ ᠤᠨ ᠠᠵᠢᠯᠲᠠᠳ ᠪᠥᠬᠦ ᠶᠠᠪᠤᠴᠠ ᠳᠤ ᠮᠡᠷᠭᠡᠵᠢᠯ ᠤᠨ ᠵᠢᠯᠣᠭᠤᠳᠣᠯᠭ᠎ᠠ ᠬᠢᠵᠦ᠂ ᠨᠠᠷᠢᠮᠤ ᠶᠢᠨ ᠥᠨᠳᠥᠷ ᠤᠨᠠᠯᠲᠠ ᠶᠢ ᠡᠭᠦᠳᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃    ᠤᠯᠠᠭᠠᠨᠬᠠᠳᠠ ᠬᠤᠲᠠ ᠶᠢᠨ ᠠᠤᠬᠠᠨ ᠬᠤᠰᠢᠭᠤ ᠪᠣᠯ ᠪᠥᠬᠦ ᠤᠯᠤᠰ ᠤᠨ ᠰᠢᠶᠠᠨ ᠤ ᠱᠠᠲᠤᠨ ᠤ ᠴᠣᠷ ᠤᠨ ᠭᠠᠭᠴᠠ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ︽ᠪᠥᠬᠦ ᠪᠥᠮᠪᠥᠷᠴᠡᠭ ᠤᠨ ᠣᠷᠴᠢᠨ ᠲᠣᠭᠤᠷᠢᠨ ᠤ 500 ᠰᠠᠶᠢᠬᠠᠨ︾᠂ ︽ᠪᠥᠬᠦ ᠪᠥᠮᠪᠥᠷᠴᠡᠭ ᠤᠨ ᠴᠢᠬᠤᠯᠠ ᠲᠠᠷᠢᠶᠠᠯᠠᠩ ᠤᠨ ᠰᠣᠶᠣᠯ ᠤᠨ ᠥᠪ︾ ᠭᠡᠬᠦ ᠬᠤᠶᠠᠷ ᠳᠡᠯᠡᠬᠡᠶ ᠶᠢᠨ ᠲᠠᠰ ᠤᠨ ᠨᠠᠷᠠᠲᠤ ᠲᠡᠮᠳᠡᠭ ᠲᠠᠢ ᠭᠠᠵᠠᠷ ᠣᠷᠣᠨ ᠪᠣᠯᠤᠨ᠎ᠠ᠂ ᠶᠡᠷᠦ ᠠᠴᠠ ︽ᠳᠤᠮᠳᠠᠳᠤ ᠤᠯᠤᠰ ᠤᠨ ᠡᠯᠳᠡᠪ ᠠᠮᠤ ᠤᠯᠠᠭᠠᠨᠬᠠᠳᠠ ᠳᠤ ᠪᠠᠶᠢᠵᠤ᠂ ᠪᠣᠬᠢᠷᠲᠤᠯ ᠥᠬᠡᠶ ᠬᠤᠯᠢᠮᠠᠭ ᠠᠮᠤ ᠠᠤᠬᠠᠨ ᠳᠤ ᠪᠣᠶ︾ ᠭᠡᠰᠡᠨ ᠰᠠᠶᠢᠬᠠᠨ ᠠᠯᠳᠠᠷ ᠲᠠᠢ ᠪᠥᠭᠡᠳ ᠠᠷᠪᠠᠨ ᠨᠢᠭᠡᠳᠦᠭᠡᠷ ᠬᠤᠭᠤᠴᠠᠭᠠᠨ ᠤ ᠳᠡᠯᠡᠬᠡᠶ ᠶᠢᠨ ᠨᠠᠷᠢᠮᠤ ᠶᠢᠨ ᠶᠡᠭᠡ ᠬᠤᠷᠠᠯ ᠢ ᠠᠮᠵᠢᠯᠲᠠ ᠲᠠᠢ ᠡᠷᠭᠢᠯᠡᠵᠦ᠂ ︽ᠳᠡᠯᠡᠬᠡᠶ ᠶᠢᠨ ᠨᠠᠷᠢᠮᠤ ᠶᠢᠨ ᠨᠤᠲᠤᠭ︾ ᠬᠡᠮᠡᠭᠳᠡᠵᠦ᠂ ᠨᠠᠷᠢᠮᠤ ᠶᠢᠨ ᠨᠠᠷᠠᠲᠤ ᠲᠡᠮᠳᠡᠭᠲᠦ ᠶᠢᠨ ᠦᠢᠯᠡᠳᠦᠯ ᠢ ᠤᠯᠠᠮ ᠠᠴᠠ ᠤᠯᠠᠮ ᠢᠯᠡᠷᠬᠡᠶ ᠪᠣᠯᠭᠠᠵᠤ᠂ ᠦᠨ᠎ᠡ ᠬᠠᠩᠰᠢ ᠶᠢᠨ ᠳᠠᠪᠠᠭᠤᠯᠢᠭ ᠢ ᠤᠯᠠᠮ ᠠᠴᠠ ᠤᠯᠠᠮ ᠢᠯᠡᠷᠬᠡᠶ ᠪᠣᠯᠭᠠᠪᠠ᠃ ᠠᠤᠬᠠᠨ ᠬᠤᠰᠢᠭᠤᠨ ᠤ ᠡᠯᠪᠡᠭ ᠪᠠᠶᠠᠯᠢᠭ ᠬᠡᠷᠡᠯ ᠤᠨ ᠢᠯᠴᠢ ᠪᠣᠯᠤᠨ ᠭᠠᠵᠠᠷ ᠰᠢᠷᠣᠶ ᠶᠢᠨ ᠡᠬᠢ ᠪᠠᠶᠠᠯᠢᠭ ᠨᠢ ᠨᠠᠷᠢᠮᠤ ᠳᠠᠷᠢᠬᠤ ᠳᠤ ᠤᠯᠠᠨ ᠠᠴᠠ ᠣᠨᠴᠠᠭᠠᠢ ᠨᠥᠬᠦᠴᠡᠯ ᠬᠠᠩᠭᠠᠵᠤ᠂ ᠨᠠᠷᠢᠮᠤ ᠳᠠᠷᠢᠬᠤ ᠲᠠᠯᠠᠪᠠᠶ ᠶᠢ ᠵᠢᠯ ᠲᠤᠷᠰᠢ 100 ᠲᠦᠮᠡᠨ ᠮᠥ ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ︽ᠪᠥᠬᠦ ᠤᠯᠤᠰ ᠤᠨ ᠬᠠᠮᠤᠭ ᠤᠨ ᠰᠢᠯᠢᠳᠡᠭ ᠨᠠᠷᠢᠮᠤ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ︾ ᠪᠣᠯᠤᠭᠰᠠᠨ ᠪᠠᠶᠢᠨ᠎ᠠ᠃    ᠲᠠᠷᠠᠭᠠᠴᠢ ᠶᠢᠨ ᠠᠯᠬᠤᠮ ᠳᠤ᠂ ᠠᠤᠬᠠᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠥᠨᠳᠥᠷ ᠤᠨᠠᠯᠲᠠ ᠶᠢᠨ ᠵᠠᠭᠪᠤᠷ ᠢ ᠴᠠᠭ ᠲᠤᠬᠠᠶ ᠳᠤᠨᠢ ᠡᠮᠬᠢᠯᠡᠨ ᠳ᠋ᠦᠩᠨᠡᠵᠦ᠂ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠰᠠᠯᠠᠭ᠎ᠠ ᠮᠥᠴᠢᠷ ᠤᠳ ᠤᠯᠤᠰ ᠤᠨ ᠨᠠᠷᠢᠮᠤ ᠰᠢᠰᠢ ᠶᠢᠨ ᠠᠵᠤ ᠦᠢᠯᠡᠰ ᠤᠨ ᠰᠢᠰᠲ᠋ᠧᠮ ᠤᠨ ᠲᠤᠰᠬᠠᠶ ᠮᠡᠷᠭᠡᠵᠢᠯᠲᠡᠨ ᠤ ᠪᠦᠯᠬᠦᠮ ᠯᠦᠭᠡ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠵᠠᠭᠪᠤᠷ ᠢᠶᠠᠨ ᠳᠠᠬᠢᠨ ᠰᠢᠯᠢᠳᠡᠭᠵᠢᠭᠦᠯᠦᠨ᠂ ᠮᠡᠷᠭᠡᠵᠢᠯ ᠢᠶᠠᠨ ᠳᠠᠬᠢᠨ ᠰᠢᠨᠡᠴᠢᠯᠡᠵᠦ᠂ ᠤᠨᠠᠯᠲᠠ ᠶᠢ ᠳᠠᠬᠢᠨ ᠳᠡᠭᠡᠭᠰᠢᠯᠡᠭᠦᠯᠦᠨ᠎ᠡ᠃ ᠠᠤᠬᠠᠨ ᠬᠤᠰᠢᠭᠤᠨ ᠤ ᠨᠠᠷᠢᠮᠤ ᠶᠢᠨ ︽ᠬᠢᠯᠪᠠᠷᠬᠠᠨ ᠢᠶᠠᠷ ᠳᠠᠷᠢᠵᠤ ᠤᠷᠭᠤᠭᠤᠯᠬᠤ ︾ ᠢᠵᠢ ᠪᠦᠷᠢᠳᠦᠭᠦᠯᠬᠦ ᠮᠡᠷᠭᠡᠵᠢᠯ ᠢ ᠪᠥᠬᠦ ᠬᠦᠴᠦᠨ ᠢᠶᠠᠷ ᠢᠶᠠᠨ ᠳᠡᠯᠭᠡᠷᠡᠭᠦᠯᠵᠦ᠂ ᠨᠠᠷᠢᠮᠤ ᠶᠢᠨ ᠥᠨᠳᠥᠷ ᠤᠨᠠᠯᠲᠠ ᠶᠢ ᠨᠠᠩ ᠶᠡᠭᠡ ᠬᠡᠪᠴᠢᠶ᠎ᠡ ᠪᠠᠷ ᠨᠥᠯᠥᠭᠡᠯᠡᠨ ᠳᠠᠶᠢᠴᠢᠯᠠᠵᠤ᠂ ᠨᠠᠷᠢᠮᠤ ᠶᠢᠨ ᠦᠢᠯᠡᠳᠪᠦᠷᠢᠯᠡᠯ ᠤᠨ ᠴᠢᠳᠠᠪᠤᠷᠢ᠂ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠪᠠ ᠠᠮᠤ ᠪᠤᠳᠠᠭᠠᠨ ᠤ ᠠᠶᠤᠯᠭᠦᠢ ᠦᠢᠯᠡᠳᠪᠦᠷᠢᠯᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠳᠤ ᠮᠡᠷᠭᠡᠵᠢᠯ ᠤᠨ ᠪᠠᠲᠤᠯᠠᠭ᠎ᠠ ᠬᠠᠩᠭᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号