ᠳᠡᠭᠡᠳᠦ ᠳᠤᠮᠳᠠᠳᠤ ᠶᠢᠨ ᠲᠣᠭᠠᠨ ᠤ ᠤᠬᠠᠭᠠᠨ ᠤ ᠬᠢᠴᠢᠶᠡᠯ ᠤᠨ ᠲᠠᠩᠬᠢᠮ ᠤᠨ ᠦᠨᠳᠦᠷ ᠪᠦᠲᠦᠮᠵᠢᠲᠦ ᠵᠢᠭᠠᠨ ᠰᠤᠷᠭᠠᠯᠲᠠ ᠶᠢᠨ ᠬᠡᠪ ᠵᠠᠭᠪᠤᠷ ᠢ ᠪᠠᠶᠢᠭᠤᠯᠬᠤ ᠠᠷᠭ᠎ᠠ ᠶᠢᠨ ᠲᠣᠬᠠᠢ
ᠨᠡᠶᠢᠲᠡᠯᠡᠭᠰᠡᠨ ᠴᠠᠭ᠄
2024/10/8
                                                  ᠰᠠᠷᠠ      ᠳᠡᠭᠡᠲᠦ ᠳᠤᠮᠳᠠᠲᠤ ᠶᠢᠨ ᠲᠣᠭᠠᠨ ᠤ ᠤᠬᠠᠭᠠᠨ ᠤ ᠦᠨᠳᠦᠷ ᠪᠦᠲᠦᠮᠵᠢᠲᠡᠢ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠵᠠᠭᠪᠤᠷ ᠨᠢ ᠵᠢᠭᠠᠨ ᠰᠤᠷᠭᠠᠯᠲᠠ ᠶᠢᠨ ᠠᠷᠭ᠎ᠠ ᠶᠢᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠢᠨ᠎ᠡ ᠶᠢ ᠡᠭᠦᠳᠬᠦ ᠬᠡᠷᠡᠭᠴᠡᠭᠡ ᠱᠠᠭᠠᠷᠳᠠᠯᠭ᠎ᠠ ᠠᠴᠠ ᠢᠷᠡᠯᠲᠡ ᠲᠠᠢ ᠪᠠᠶᠢᠵᠤ ᠂ ᠰᠤᠷᠤᠭᠴᠢᠳ ᠤᠨ ᠲᠣᠭᠠᠨ ᠤ ᠤᠬᠠᠭᠠᠨ ᠤ ᠰᠤᠷᠤᠯᠴᠠᠯᠭ᠎ᠠ ᠳᠤ ᠣᠷᠤᠯᠴᠠᠬᠤ ᠤᠷᠮ᠎ᠠ ᠪᠠᠬ᠎ᠠ ᠶᠢ ᠲᠠᠲᠠᠬᠤ ᠪᠦᠭᠡᠳ ᠴᠢᠳᠠᠪᠤᠷᠢ ᠶᠢ ᠨᠢ ᠨᠡᠮᠡᠭᠳᠡᠭᠦᠯᠳᠡᠭ ᠃ ᠪᠠᠭᠰᠢ ᠪᠣᠯᠤᠭᠰᠠᠳ ᠰᠤᠷᠭᠠᠨ ᠬᠦᠮᠦᠵᠢᠯ ᠤᠨ ᠬᠦᠷᠢᠶᠡᠨ ᠳᠠᠬᠢ ᠳᠠᠰᠤᠷᠠᠯᠲᠠ ᠦᠭᠡᠢ ᠬᠦᠭᠵᠢᠯᠲᠡ ᠪᠠ ᠰᠤᠷᠤᠭᠴᠢᠳ ᠤᠨ ᠰᠤᠷᠤᠯᠴᠠᠬᠤ ᠠᠷᠭ᠎ᠠ ᠮᠠᠶ᠋ᠢᠭ ᠤᠨ ᠣᠯᠠᠨ ᠶᠠᠩᠵᠤᠲᠤ ᠰᠢᠨᠵᠢ ᠶᠢ ᠲᠠᠨᠢᠵᠦ ᠂ ᠪᠠᠭᠲᠠᠭᠠᠮᠵᠢᠲᠠᠢ ᠪᠦᠭᠡᠳ ᠪᠦᠲᠦᠮᠵᠢᠲᠡᠢ ᠵᠢᠭᠠᠨ ᠰᠤᠷᠭᠠᠬᠤ ᠣᠷᠴᠢᠨ ᠨᠦᠭᠦᠴᠡᠯ ᠢ ᠴᠢᠷᠮᠠᠶᠢᠨ ᠪᠦᠷᠢᠯᠳᠦᠭᠦᠯᠬᠦ ᠬᠡᠷᠡᠭᠲᠡᠢ ᠃ ᠵᠢᠭᠠᠨ ᠰᠤᠷᠭᠠᠬᠤ ᠤᠷ᠎ᠠ ᠮᠡᠷᠭᠡᠵᠢᠯ ᠂ ᠬᠠᠷᠢᠯᠴᠠᠨ ᠦᠢᠯᠡᠳᠦᠯᠴᠡᠬᠦ ᠰᠤᠷᠤᠯᠴᠠᠬᠤ ᠠᠷᠭ᠎ᠠ ᠮᠠᠶ᠋ᠢᠭ ᠵᠢᠴᠢ ᠵᠣᠬᠢᠴᠠᠬᠤ ᠴᠢᠨᠠᠷᠲᠠᠢ ᠠᠷᠭ᠎ᠠ  ᠪᠣᠳᠤᠯᠭ᠎ᠠ ᠶᠢᠨ ᠰᠠᠭᠤᠷᠢᠨ ᠳᠤ ᠰᠤᠷᠤᠭᠴᠢᠳ ᠤᠨ ᠥᠪᠡᠷᠮᠢᠴᠡ ᠱᠠᠭᠠᠷᠳᠠᠯᠭ᠎ᠠ ᠶᠢ ᠬᠠᠩᠭᠠᠬᠤ ᠶᠠᠪᠤᠳᠠᠯ ᠪᠣᠯᠤᠨ᠎ᠠ ᠃ ᠰᠢᠭᠦᠮᠵᠢᠯᠡᠯᠲᠦ ᠰᠡᠳᠭᠢᠭᠦᠢ  ᠂ ᠠᠰᠠᠭᠤᠳᠠᠯ ᠢ ᠰᠢᠢᠳᠪᠦᠷᠢᠯᠡᠬᠦ ᠪᠠ ᠬᠠᠮᠲᠤᠷᠠᠯᠴᠠᠨ ᠰᠤᠷᠤᠯᠴᠠᠬᠤ ᠶᠢ ᠵᠣᠷᠢᠭᠵᠢᠭᠤᠯᠬᠤ ᠪᠠᠷ ᠭᠤᠣᠯᠳᠠᠯᠭ᠎ᠠ ᠪᠣᠯᠭᠠᠭᠰᠠᠨ ᠬᠢᠴᠢᠶᠡᠯ ᠤᠨ ᠲᠠᠩᠬᠢᠮ ᠤᠨ ᠬᠥᠳᠡᠯᠦᠩᠭᠦᠢ ᠠᠭᠤᠷ ᠠᠮᠢᠰᠬᠤᠯ ᠢ ᠪᠦᠷᠢᠯᠳᠦᠭᠦᠯᠬᠦ ᠪᠠᠷ ᠳᠠᠮᠵᠢᠭᠤᠯᠤᠨ ᠰᠤᠷᠤᠭᠴᠢᠳ ᠤᠨ ᠲᠣᠭᠠᠨ ᠤ ᠤᠬᠠᠭᠠᠨ ᠤ ᠤᠭ ᠶᠣᠰᠤ ᠶᠢ ᠣᠶᠢᠯᠠᠭᠠᠬᠤ ᠂ ᠬᠡᠷᠡᠭᠯᠡᠬᠦ ᠪᠠ ᠰᠣᠨᠢᠷᠬᠠᠬᠤ ᠴᠢᠳᠠᠪᠤᠷᠢ ᠶᠢ ᠳᠡᠭᠡᠭᠰᠢᠯᠡᠭᠦᠯᠬᠦ ᠪᠠᠷ ᠴᠢᠷᠮᠠᠶᠢᠵᠤ ᠂ ᠲᠡᠳᠡᠨ ᠤ ᠰᠤᠷᠤᠯᠭ᠎ᠠ ᠳᠠᠭᠠᠨ ᠠᠮᠵᠢᠯᠲᠠ ᠣᠯᠬᠤ ᠪᠠ ᠪᠤᠳᠠᠳᠠᠢ ᠠᠰᠠᠭᠤᠳᠠᠯ ᠢ ᠰᠢᠢᠳᠪᠦᠷᠢᠯᠡᠬᠦ ᠦᠨᠳᠦᠰᠦᠨ ᠤᠷ᠎ᠠ ᠴᠢᠳᠠᠪᠤᠷᠢ  ᠳᠤ ᠬᠠᠮᠵᠢᠯᠴᠠᠨ᠎ᠠ ᠃     ᠨᠢᠭᠡ ᠂ ᠳᠡᠭᠡᠳᠦ ᠳᠤᠮᠳᠠᠳᠤ ᠶᠢᠨ ᠲᠣᠭᠠᠨ ᠤ ᠤᠬᠠᠭᠠᠨ ᠤ ᠬᠢᠴᠢᠶᠡᠯ ᠤᠨ ᠳᠠᠩᠬᠢᠮ ᠤᠨ ᠦᠨᠳᠦᠷ ᠪᠦᠲᠦᠮᠵᠢᠲᠡᠢ ᠵᠢᠭᠠᠨ ᠰᠤᠷᠭᠠᠯᠲᠠ ᠶᠢᠨ ᠵᠠᠭᠪᠤᠷ ᠢ ᠪᠠᠶᠢᠭᠤᠯᠬᠤ ᠶᠢᠨ ᠴᠢᠬᠤᠯᠠ ᠠᠴᠢ ᠬᠤᠯᠪᠤᠭᠳᠠᠯ     ᠳᠡᠭᠡᠳᠦ ᠳᠤᠮᠳᠠᠳᠤ ᠶᠢᠨ ᠲᠣᠭᠠᠨ ᠤ ᠤᠬᠠᠭᠠᠨ ᠤ ᠬᠢᠴᠢᠶᠡᠯ ᠤᠨ ᠲᠠᠩᠬᠢᠮ ᠤᠨ ᠦᠨᠳᠦᠷ ᠪᠦᠲᠦᠮᠵᠢᠲᠡᠢ ᠵᠢᠭᠠᠨ ᠰᠤᠷᠭᠠᠯᠲᠠ ᠶᠢᠨ ᠵᠠᠭᠪᠤᠷ ᠢ ᠪᠠᠶᠢᠭᠤᠯᠬᠤ ᠨᠢ ᠪᠠᠭᠰᠢ ᠠᠴᠠ ᠰᠤᠷᠤᠭᠴᠢᠳ ᠤᠨ ᠲᠣᠭᠠᠨ ᠤ ᠤᠬᠠᠭᠠᠨ ᠤ ᠤᠬᠠᠭᠳᠠᠬᠤᠨ ᠲᠠᠢ ᠣᠶᠢᠷᠠᠳᠬᠤ ᠪᠠ ᠣᠶᠢᠯᠠᠭᠠᠬᠤ ᠠᠷᠭ᠎ᠠ ᠮᠠᠶ᠋ᠢᠭ ᠢ ᠲᠤᠶᠢᠯᠪᠤᠷᠢᠲᠠᠢ ᠥᠭᠡᠷᠡᠴᠢᠯᠡᠬᠦ ᠳᠤ ᠣᠷᠤᠰᠢᠨ᠎ᠠ  ᠃ ᠡᠨᠡ ᠬᠦ ᠬᠡᠪ ᠵᠠᠭᠪᠤᠷ ᠨᠢ ᠰᠤᠷᠤᠭᠴᠢᠳ ᠲᠤ ᠲᠣᠭᠠᠨ ᠤ ᠤᠬᠠᠭᠠᠨ ᠤ ᠤᠭ ᠶᠣᠰᠤ ᠶᠢ ᠭᠦᠨᠵᠡᠭᠡᠢ ᠣᠶᠢᠯᠠᠭᠠᠬᠤ ᠪᠠ ᠪᠣᠳᠠᠳᠠᠢ ᠬᠡᠷᠡᠭᠯᠡᠬᠦ ᠲᠤᠯᠭᠠᠮ ᠱᠠᠭᠠᠷᠳᠠᠯᠭ᠎ᠠ ᠶᠢ ᠬᠠᠩᠭᠠᠨ ᠂ ᠰᠤᠷᠤᠭᠴᠢᠳ ᠤᠨ ᠰᠢᠭᠦᠮᠵᠢᠯᠡᠯᠲᠦ ᠴᠢᠨᠠᠷᠲᠠᠢ ᠰᠡᠳᠭᠢᠭᠦᠢ ᠪᠠ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠶᠢ ᠬᠥᠮᠦᠵᠢᠭᠦᠯᠳᠡᠭ ᠃ ᠡᠨᠡ  ᠨᠢ ᠰᠤᠷᠤᠭᠴᠢᠳ ᠤᠨ ᠰᠤᠷᠤᠯᠭ᠎ᠠ ᠪᠠ ᠠᠵᠢᠯ ᠮᠡᠷᠭᠡᠵᠢᠯ ᠤᠨ ᠬᠦᠭᠵᠢᠯᠲᠡ ᠳᠤ ᠲᠦᠢᠯ ᠤᠨ ᠴᠢᠬᠤᠯᠠ ᠪᠠᠶᠢᠳᠠᠭ ᠃ ᠰᠢᠨ᠎ᠡ ᠶᠢ ᠡᠭᠦᠳᠬᠦ ᠵᠢᠭᠠᠨ ᠰᠤᠷᠭᠠᠬᠤ ᠠᠷᠭ᠎ᠠ ᠂ ᠥᠪᠡᠷᠮᠢᠴᠡ ᠰᠤᠷᠤᠯᠴᠠᠬᠤ ᠤᠷ᠎ᠠ ᠮᠡᠷᠭᠡᠵᠢᠯ ᠪᠠ ᠣᠳᠣ ᠦᠶ᠎ᠡ ᠶᠢᠨ ᠮᠡᠷᠭᠡᠵᠢᠯ ᠢ ᠡᠮᠬᠢᠯᠡᠨ ᠠᠭᠤᠰᠤᠯᠴᠠᠭᠤᠯᠬᠤ ᠪᠠᠷ ᠳᠠᠮᠵᠢᠭᠤᠯᠤᠨ  ᠂ ᠣᠶᠢᠯᠠᠭᠠᠯᠲᠠ ᠶᠢᠨ ᠲᠠᠯ᠎ᠠ ᠪᠠᠷ ᠬᠢ ᠵᠦᠷᠢᠶ᠎ᠡ ᠶᠢ ᠪᠠᠭᠠᠰᠬᠠᠨ ᠂ ᠠᠳᠠᠯᠢ ᠪᠣᠰᠤ ᠰᠤᠷᠤᠯᠴᠠᠬᠤ ᠬᠡᠪ ᠨᠠᠮᠪᠠ ᠶᠢ ᠬᠠᠩᠭᠠᠬᠤ ᠶᠢᠨ ᠳᠠᠭᠠᠤ ᠳᠤ ᠤᠯᠠᠮ ᠶᠡᠭᠡ ᠪᠠᠭᠲᠠᠭᠠᠮᠵᠢᠲᠤ ᠴᠢᠨᠠᠷ ᠪᠣᠯᠤᠨ ᠲᠠᠲᠠᠬᠤ ᠬᠦᠴᠦᠨ ᠪᠦᠬᠦᠢ ᠣᠷᠴᠢᠨ ᠨᠦᠭᠦᠴᠡᠯ ᠢ ᠪᠣᠢ ᠪᠣᠯᠭᠠᠬᠤ ᠪᠠᠷ ᠬᠦᠴᠦᠯᠡᠨ ᠴᠢᠷᠮᠠᠶᠢᠳᠠᠭ ᠃ ᠬᠠᠮᠤᠭ ᠤᠨ ᠡᠴᠦᠰ ᠲᠤ ᠡᠨᠡ ᠬᠦ ᠵᠢᠭᠠᠬᠤ ᠠᠷᠭ᠎ᠠ ᠨᠢ ᠰᠤᠷᠤᠭᠴᠢᠳ ᠲᠤ ᠰᠤᠷᠤᠯᠭ᠎ᠠ ᠶᠢᠨ ᠲᠠᠯ᠎ᠠ ᠪᠠᠷ  ᠰᠢᠯᠢᠳᠡᠭ ᠬᠢᠷᠢ ᠪᠦᠲᠦᠮᠵᠢ ᠣᠯᠭᠤᠬᠤ ᠪᠠᠷ ᠪᠠᠷᠠᠬᠤ ᠦᠭᠡᠢ ᠂ ᠲᠣᠭᠠᠨ ᠤ ᠤᠬᠠᠭᠠᠨ ᠢ ᠨᠠᠰᠤᠨ ᠲᠤᠷᠰᠢᠲᠠ ᠪᠠᠭ᠋ᠠᠳᠤᠨ ᠰᠣᠨᠢᠷᠬᠠᠬᠤ ᠴᠢᠳᠠᠪᠤᠷᠢ ᠶᠢ ᠨᠢ ᠬᠦᠮᠦᠵᠢᠭᠦᠯᠦᠨ ᠂ ᠪᠡᠶ᠎ᠡ ᠳᠡᠭᠡᠨ ᠢᠲᠡᠭᠡᠯ ᠲᠠᠢ ᠂ ᠪᠣᠯᠪᠠᠰᠤᠷᠠᠩᠭᠤᠢ ᠪᠠᠷ ᠲᠣᠭᠠᠨ ᠤ ᠤᠬᠠᠭᠠᠨ ᠤ ᠵᠦᠢᠴᠢᠯᠡᠯ ᠪᠠ ᠵᠠᠳᠠᠯᠤᠯᠲᠠ ᠬᠢᠵᠦ ᠂ ᠡᠭᠦᠨ ᠤ ᠤᠯᠠᠮ ᠠᠴᠠ ᠪᠣᠳᠠᠲᠤ ᠦᠷᠢᠰᠦᠯᠳᠦᠭᠡᠨ ᠢ ᠠᠷᠭᠠᠴᠠᠵᠤ ᠴᠢᠳᠠᠬᠤ ᠪᠣᠯᠭᠠᠳᠠᠭ ᠃     ᠬᠤᠶᠠᠷ ᠂ ᠳᠡᠭᠡᠲᠦ ᠳᠤᠮᠳᠠᠲᠤ ᠶᠢᠨ ᠲᠣᠭᠠᠨ ᠤ ᠤᠬᠠᠭᠠᠨ ᠤ ᠬᠢᠴᠢᠶᠡᠯ ᠤᠨ ᠲᠠᠩᠬᠢᠮ ᠤᠨ ᠦᠨᠳᠦᠷ ᠪᠦᠲᠦᠮᠵᠢᠲᠦ ᠵᠢᠭᠠᠨ ᠰᠤᠷᠭᠠᠯᠲᠠ ᠶᠢᠨ ᠵᠠᠭᠪᠤᠷ ᠢ ᠪᠠᠶᠢᠭᠤᠯᠬᠤ ᠠᠷᠭ᠎ᠠ      ︵   ᠨᠢᠭᠡ︶ ᠬᠠᠷᠢᠯᠴᠠᠨ ᠦᠢᠯᠡᠳᠦᠯᠴᠡᠬᠦ ᠵᠢᠭᠠᠨ ᠰᠤᠷᠭᠠᠯᠲᠠ ᠶᠢ ᠴᠢᠩᠭᠠᠳᠬᠠᠬᠤ    ᠳᠡᠭᠡᠳᠦ ᠳᠤᠮᠳᠠᠳᠤ ᠶᠢᠨ ᠲᠣᠭᠠᠨ ᠤ ᠤᠬᠠᠭᠠᠨ ᠤ ᠬᠠᠷᠢᠯᠴᠠᠨ ᠦᠢᠯᠡᠳᠦᠯᠴᠡᠬᠦ ᠮᠠᠶ᠋ᠢᠭ ᠤᠨ ᠵᠢᠭᠠᠨ ᠰᠤᠷᠭᠠᠯᠲᠠ  ᠨᠢ ᠰᠤᠷᠤᠭᠴᠢᠳ ᠤᠨ ᠣᠷᠤᠯᠴᠠᠬᠤ ᠪᠣᠯᠤᠨ ᠭᠦᠨᠵᠡᠭᠡᠢ ᠣᠶᠢᠯᠠᠭᠠᠬᠤ ᠶᠢ ᠠᠬᠢᠭᠤᠯᠤᠨ᠎ᠠ ᠃ ᠢᠳᠡᠪᠬᠢᠲᠡᠢ ᠣᠷᠤᠯᠴᠠᠬᠤ ᠪᠠ ᠬᠠᠮᠵᠢᠯᠴᠠᠨ ᠰᠤᠷᠤᠯᠴᠠᠬᠤ ᠶᠢ ᠠᠬᠢᠭᠤᠯᠬᠤ ᠪᠠᠷ ᠳᠠᠮᠵᠢᠨ ᠂ ᠣᠯᠠᠨ ᠵᠦᠢᠯ ᠤᠨ ᠰᠤᠷᠤᠯᠴᠠᠬᠤ ᠠᠷᠭ᠎ᠠ ᠶᠢ ᠢᠯᠡᠷᠡᠭᠦᠯᠵᠦ ᠂ ᠰᠢᠭᠦᠮᠵᠢᠯᠡᠯᠲᠦ ᠰᠡᠳᠭᠢᠭᠦᠢ ᠶᠢ ᠵᠣᠷᠢᠭᠵᠢᠭᠤᠯᠵᠤ ᠪᠣᠯᠤᠨ᠎ᠠ ᠃ ᠰᠤᠷᠤᠯᠴᠠᠯᠭ᠎ᠠ ᠶᠢᠨ ᠶᠠᠪᠤᠴᠠ ᠳᠤ ᠪᠠᠭᠰᠢ ᠠᠴᠠ ᠬᠠᠷᠢᠯᠴᠠᠨ ᠦᠢᠯᠡᠳᠦᠯᠴᠡᠬᠦ ᠠᠷᠭ᠎ᠠ  ᠪᠣᠳᠤᠯᠭ᠎ᠠ ᠶᠢ ᠴᠢᠬᠤᠯᠠᠴᠢᠯᠠᠬᠤ ᠨᠢ ᠲᠤᠩ ᠴᠢᠬᠤᠯᠠ ᠦᠢᠯᠡᠳᠦᠯ ᠲᠠᠢ ᠪᠠᠶᠢᠳᠠᠭ ᠃ ᠵᠢᠱᠢᠶᠡᠯᠡᠪᠡᠯ ᠂ ᠰᠤᠷᠤᠯᠭ᠎ᠠ ᠶᠢᠨ  ᠬᠠᠨᠢᠲᠠᠳ ᠲᠠᠢ  ᠪᠠᠨ ᠶᠠᠷᠢᠯᠴᠠᠬᠤ ᠂ ᠠᠰᠠᠭᠤᠳᠠᠯ ᠢ ᠰᠢᠢᠳᠪᠦᠷᠢᠯᠡᠬᠦ ᠠᠵᠢᠯᠯᠠᠭ᠎ᠠ ᠪᠣᠯᠤᠨ ᠲᠣᠭᠠᠨ ᠤ ᠤᠬᠠᠭᠠᠨ ᠤ ᠤᠬᠠᠭᠳᠠᠬᠤᠨ ᠢ ᠪᠣᠳᠠᠳᠤ ᠠᠮᠢᠳᠤᠷᠠᠯ  ᠳᠠᠭᠠᠨ ᠬᠡᠷᠡᠭᠯᠡᠬᠦ ᠶᠢᠨ ᠤᠯᠠᠮ ᠠᠴᠠ ᠰᠣᠨᠢᠭᠤᠴᠢ ᠰᠡᠳᠬᠢᠯ ᠪᠠ ᠣᠶᠢᠯᠠᠭᠠᠬᠤ ᠴᠢᠳᠠᠪᠤᠷᠢ ᠶᠢ ᠬᠦᠮᠦᠵᠢᠭᠦᠯᠬᠦ ᠣᠷᠴᠢᠨ ᠨᠦᠭᠦᠴᠡᠯ ᠢ ᠪᠣᠢ ᠪᠣᠯᠭᠠᠳᠠᠭ ᠃ ᠰᠤᠷᠤᠯᠴᠠᠯᠭ᠎ᠠ ᠳᠤᠮᠳᠠ ᠦᠢᠯᠡᠳᠦᠯᠴᠡᠬᠦ ᠠᠷᠭ᠎ᠠ ᠪᠠᠷ ᠰᠤᠷᠤᠭᠴᠢᠳ ᠢ ᠵᠣᠷᠢᠭᠵᠢᠭᠤᠯᠵᠤ ᠴᠣᠭᠯᠠᠷᠠᠯ ᠪᠣᠳᠤᠯᠭ᠎ᠠ ᠵᠡᠷᠭᠡ ᠰᠠᠭᠤᠷᠢ ᠲᠣᠭᠠᠨ ᠤ ᠤᠬᠠᠭᠠᠨ ᠤ ᠭᠤᠣᠯ ᠰᠡᠳᠦᠪ ᠢ ᠶᠠᠷᠢᠯᠴᠠᠭᠤᠯᠬᠤ  ᠨᠢ ᠮᠡᠳᠡᠯᠭᠡ ᠶᠢ ᠤᠯᠠᠮ ᠰᠠᠶᠢᠨ ᠡᠵᠡᠮᠰᠢᠭᠦᠯᠬᠦ ᠳᠤ ᠠᠰᠢᠭᠲᠠᠢ ᠃     ︵   ᠬᠤᠶᠠᠷ︶ ᠪᠣᠳᠠᠳᠠᠢ ᠠᠰᠠᠭᠤᠳᠠᠯ ᠢ ᠰᠢᠢᠳᠪᠦᠷᠢᠯᠡᠬᠦ ᠠᠷᠭ᠎ᠠ   ᠲᠣᠭᠠᠨ ᠤ ᠤᠬᠠᠭᠠᠨ ᠤ ᠤᠬᠠᠭᠳᠠᠬᠤᠨ ᠢᠶᠠᠷ ᠬᠤᠯᠪᠤᠭᠳᠠᠯᠳᠤ ᠴᠢᠨᠠᠷ ᠬᠢᠭᠡᠳ ᠬᠡᠷᠡᠭᠯᠡᠭᠡᠨ ᠤ ᠴᠢᠨᠠᠷ ᠢ ᠴᠢᠩᠭᠠᠳᠬᠠᠪᠠᠯ ᠵᠣᠬᠢᠨ᠎ᠠ᠃ ᠲᠣᠬᠠᠶᠢᠯᠠᠪᠠᠯ ᠹᠦᠩᠺᠼ ᠤᠨ ᠪᠣᠳᠠᠳᠠᠢ ᠬᠡᠷᠡᠭᠯᠡᠯᠲᠡ ᠨᠢ ᠰᠤᠷᠤᠭᠴᠢᠳ ᠤᠨ ᠲᠣᠭᠠᠨ ᠤ ᠤᠬᠠᠭᠠᠨ ᠤ ᠪᠠᠭᠠᠵᠢ ᠶᠢ ᠠᠰᠢᠭᠯᠠᠨ ᠡᠳᠦᠷ ᠳᠣᠲᠤᠮ ᠤᠨ ᠬᠦᠴᠢᠷ ᠠᠰᠠᠭᠤᠳᠠᠯ ᠢ ᠵᠠᠳᠠᠯᠬᠤ ᠪᠠ ᠰᠢᠢᠳᠪᠦᠷᠢᠯᠡᠬᠦ ᠴᠢᠳᠠᠪᠤᠷᠢ ᠶᠢ  ᠬᠦᠮᠦᠵᠢᠭᠦᠯᠬᠦ ᠶᠢ ᠴᠢᠬᠤᠯᠠᠴᠢᠯᠠᠳᠠᠭ ᠃ ᠹᠦᠩᠺᠼ ᠤᠨ ᠡᠯ᠎ᠡ ᠵᠦᠢᠯ ᠤᠨ ᠦᠵᠡᠭᠳᠡᠯ ᠢ ᠬᠡᠷᠬᠢᠨ ᠢᠯᠡᠷᠡᠭᠦᠯᠬᠦ ᠪᠠᠷ ᠳᠠᠮᠵᠢᠭᠤᠯᠵᠤ ᠂ ᠪᠠᠭᠰᠢ ᠠᠴᠠ ᠪᠣᠳᠠᠳᠠᠢ ᠠᠰᠠᠭᠤᠳᠠᠯ ᠢ ᠰᠢᠢᠳᠪᠦᠷᠢᠯᠡᠬᠦ ᠶᠠᠪᠤᠴᠠ ᠳᠠᠬᠢ ᠲᠣᠭᠠᠨ ᠤ ᠤᠬᠠᠭᠠᠨ ᠤ ᠬᠡᠷᠡᠭᠯᠡᠭᠡᠨ ᠤ ᠴᠢᠨᠠᠷ ᠪᠠ ᠣᠯᠠᠨ ᠶᠠᠩᠵᠤᠲᠤ ᠴᠢᠨᠠᠷ ᠢ ᠳᠡᠯᠭᠡᠨ ᠦᠵᠡᠭᠦᠯᠵᠦ ᠴᠢᠳᠠᠨ᠎ᠠ ᠃ ᠡᠭᠦᠨ ᠠᠴᠠ ᠭᠠᠳᠠᠨ᠎ᠠ ᠡᠨᠡ ᠬᠦ ᠠᠷᠭ᠎ᠠ ᠨᠢ ᠪᠠᠰᠠ ᠰᠢᠭᠦᠮᠵᠢᠯᠡᠯᠲᠦ ᠰᠡᠳᠭᠢᠭᠦᠢ ᠪᠣᠯᠤᠨ ᠠᠰᠠᠭᠤᠳᠠᠯ ᠢ ᠰᠢᠢᠳᠪᠦᠷᠢᠯᠡᠬᠦ ᠤᠷ᠎ᠠ ᠮᠡᠷᠭᠡᠵᠢᠯ ᠢ ᠵᠣᠷᠢᠭᠵᠢᠭᠤᠯᠵᠤ ᠂ ᠰᠤᠷᠤᠭᠴᠢᠳ ᠤᠨ ᠢᠷᠡᠭᠡᠳᠦᠢ ᠳᠤ ᠲᠣᠭᠠᠨ ᠤ ᠤᠬᠠᠭᠠᠨ ᠤ ᠴᠢᠳᠠᠪᠤᠷᠢ ᠶᠢᠨ ᠲᠠᠯ᠎ᠠ ᠪᠠᠷ ᠬᠢ ᠲᠦᠢᠯ ᠤᠨ ᠴᠢᠬᠤᠯᠠ ᠠᠵᠢᠯ ᠮᠡᠷᠭᠡᠵᠢᠯ ᠢ ᠡᠵᠡᠮᠰᠢᠬᠦ ᠳᠤ ᠵᠣᠬᠢᠬᠤ ᠪᠡᠯᠡᠳᠬᠡᠯ ᠬᠢᠵᠦ ᠦᠭᠳᠡᠭ ᠃ ᠹᠦᠩᠺᠼ ᠤᠨ ᠬᠡᠷᠡᠭᠯᠡᠯᠲᠡ ᠶᠢ ᠰᠦᠪᠡᠭᠴᠢᠯᠡᠬᠦ ᠦᠶᠡᠰ ᠂ ᠪᠠᠭᠰᠢ ᠠᠴᠠ ᠹᠦᠩᠺᠼ ᠶᠢᠨ ᠪᠣᠳᠠᠳᠤ  ᠶᠢᠷᠲᠢᠨᠴᠦ ᠶᠢᠨ ᠦᠵᠡᠭᠳᠡᠯ ᠢ ᠳᠠᠭᠤᠷᠢᠶᠠᠬᠤ ᠦᠵᠡᠭᠳᠡᠯ ᠢ ᠭᠦᠨᠵᠡᠭᠡᠢ ᠰᠣᠳᠤᠯᠵᠤ ᠪᠣᠯᠤᠨ᠎ᠠ ᠃ ᠵᠢᠱᠢᠶᠡᠯᠡᠪᠡᠯ ᠂ ᠠᠵᠤ ᠠᠬᠤᠢ ᠶᠢᠨ ᠤᠬᠠᠭᠠᠨ ᠳᠤ ᠹᠦᠩᠺᠼ ᠢᠶᠠᠷ ᠬᠠᠩᠭᠠᠯᠭ᠎ᠠ ᠬᠡᠷᠡᠭᠴᠡᠭᠡᠨ ᠤ ᠮᠣᠷᠤᠢ ᠱᠣᠭᠤᠮ ᠢ ᠳᠦᠷᠰᠦᠯᠡᠨ ᠵᠢᠷᠤᠵᠤ ᠂ ᠵᠠᠬ᠎ᠠ ᠳᠡᠯᠭᠡᠭᠦᠷ ᠤᠨ ᠠᠵᠢᠯᠯᠠᠭ᠎ᠠ ᠶᠢ ᠵᠠᠳᠠᠯᠤᠨ ᠢᠯᠡᠳᠬᠡᠵᠦ ᠪᠣᠯᠤᠨ᠎ᠠ ᠃ ᠳᠡᠭᠰᠢᠳᠭᠡᠯ ᠨᠢ ᠬᠡᠷᠬᠢᠨ ᠮᠣᠷᠤᠢ ᠱᠣᠭᠤᠮ ᠢ ᠳᠠᠭᠤᠷᠢᠶᠠᠬᠤ ᠵᠢᠴᠢ ᠦᠨ᠎ᠡ ᠬᠠᠩᠰᠢ ᠶᠢᠨ ᠬᠤᠪᠢᠷᠠᠯᠲᠠ ᠨᠢ ᠬᠡᠷᠬᠢᠨ ᠬᠡᠷᠡᠭᠯᠡᠭᠡ ᠶᠢ ᠨᠦᠯᠦᠭᠡᠯᠡᠬᠦ ᠪᠠᠶᠢᠳᠠᠯ ᠢ ᠰᠦᠪᠡᠭᠴᠢᠯᠡᠬᠦ ᠪᠠᠷ ᠳᠠᠮᠵᠢᠭᠤᠯᠤᠨ ᠂ ᠰᠤᠷᠤᠭᠴᠢᠳ ᠠᠴᠠ ᠹᠦᠩᠺᠼ ᠤᠨ ᠬᠡᠷᠡᠭᠯᠡᠭᠡᠨ ᠤ ᠴᠢᠨᠠᠷ ᠢ ᠪᠣᠳᠠᠳᠠᠢ ᠪᠠᠷ ᠡᠵᠡᠮᠰᠢᠵᠤ ᠪᠣᠯᠤᠨ᠎ᠠ ᠃ ᠡᠭᠦᠨ ᠠᠴᠠ ᠭᠠᠳᠠᠨ᠎ᠠ ᠵᠢᠷᠤᠭ ᠬᠡᠯᠪᠡᠷᠢ ᠶᠢᠨ ᠵᠦᠭᠡᠯᠡᠨ ᠲᠣᠨᠤᠭ ᠵᠡᠷᠭᠡ ᠮᠡᠷᠭᠡᠵᠢᠯ ᠢ ᠠᠰᠢᠭᠯᠠᠨ ᠂ ᠰᠤᠷᠤᠭᠴᠢᠳ ᠡᠳᠡᠭᠡᠷ ᠹᠦᠩᠺᠼ ᠢ ᠰᠢᠭᠤᠳ ᠠᠵᠢᠯᠯᠠᠭᠤᠯᠵᠤ ᠂ ᠬᠠᠷᠢᠯᠴᠠᠨ ᠦᠢᠯᠡᠳᠦᠯᠴᠡᠬᠦ ᠰᠤᠷᠤᠯᠴᠠᠯᠭ᠎ᠠ ᠪᠠᠷ ᠳᠠᠮᠵᠢᠭᠤᠯᠵᠤ ᠣᠶᠢᠯᠠᠭᠠᠯᠲᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ ᠴᠢᠳᠠᠳᠠᠭ ᠃      ︵  ᠭᠤᠷᠪᠠ︶ ᠳᠣᠭᠤᠶᠢᠯᠠᠩ ᠤᠨ ᠬᠠᠮᠲᠤᠷᠠᠯᠴᠠᠭ᠎ᠠ ᠶᠢ  ᠴᠢᠩᠭᠠᠳᠬᠠᠬᠤ ᠠᠷᠭ᠎ᠠ     ᠪᠠᠭᠰᠢ ᠠᠴᠠ ᠭᠤᠷᠪᠠᠯᠵᠢᠨ ᠤ ᠹᠦᠩᠺᠼ ᠤᠨ ᠵᠢᠭᠠᠨ ᠰᠤᠷᠭᠠᠯᠲᠠ ᠳᠤᠮᠳᠠ ᠳᠣᠭᠤᠶᠢᠯᠠᠩ ᠤᠨ ᠬᠠᠮᠲᠤᠷᠠᠯᠴᠠᠭ᠎ᠠ ᠶᠢ  ᠨᠢᠭᠲᠠᠷᠠᠭᠤᠯᠤᠨ ᠂ ᠬᠥᠳᠡᠯᠦᠩᠭᠦᠢ ᠰᠤᠷᠤᠯᠴᠠᠬᠤ ᠣᠷᠴᠢᠨ ᠲᠣᠭᠤᠷᠢᠨ ᠢ ᠢᠳᠡᠪᠬᠢᠵᠢᠭᠦᠯᠦᠨ ᠂ ᠰᠤᠷᠤᠭᠴᠢᠳ ᠢ ᠨᠠᠷᠢᠨ ᠪᠣᠳᠤᠯᠢᠶᠠᠨᠲᠠᠢ ᠲᠣᠭᠠᠨ ᠤ ᠤᠬᠠᠭᠠᠨ ᠤ ᠰᠤᠷᠤᠯᠴᠠᠯᠭ᠎ᠠ ᠳᠤ ᠢᠳᠡᠪᠬᠢᠲᠡᠢ ᠣᠷᠤᠯᠴᠠᠭᠤᠯᠤᠨ᠎ᠠ  ᠃ ᠬᠠᠮᠲᠤᠷᠠᠨ ᠰᠤᠷᠤᠯᠴᠠᠬᠤ ᠪᠠᠷ ᠳᠠᠮᠵᠢᠵᠤ ᠂ ᠰᠤᠷᠤᠭᠴᠢᠳ ᠠᠳᠠᠯᠢ ᠪᠣᠰᠤ ᠦᠵᠡᠯᠲᠡ ᠠᠴᠠ ᠠᠰᠢᠭ ᠬᠦᠷᠲᠡᠬᠦ ᠪᠠᠷ ᠪᠠᠷᠠᠬᠤ ᠦᠭᠡᠢ ᠂ ᠪᠠᠰᠠ ᠪᠦᠯᠬᠦᠮ ᠤᠨ ᠬᠠᠮᠲᠤᠷᠠᠨ ᠠᠵᠢᠯᠯᠠᠬᠤ ᠪᠠ ᠨᠡᠪᠲᠡᠷᠡᠯᠴᠡᠬᠦ ᠴᠢᠳᠠᠪᠤᠷᠢ ᠪᠠᠨ  ᠬᠦᠮᠦᠵᠢᠭᠦᠯᠵᠦ ᠴᠢᠳᠠᠨ᠎ᠠ ᠃ ᠭᠤᠷᠪᠠᠯᠵᠢᠨ ᠤ  ᠹᠦᠩᠺᠼ ᠢ ᠰᠦᠪᠡᠭᠴᠢᠯᠡᠬᠦ ᠦᠶᠡᠰ ᠂ ᠳᠣᠭᠤᠶᠢᠯᠠᠩ ᠤᠨ ᠬᠥᠳᠡᠯᠭᠡᠭᠡᠨ ᠨᠢ ᠰᠤᠷᠤᠭᠴᠢᠳ ᠢ ᠵᠣᠷᠢᠭᠵᠢᠭᠤᠯᠤᠨ ᠂ ᠡᠯ᠎ᠡ ᠵᠦᠢᠯ ᠤᠨ ᠠᠷᠭ᠎ᠠ ᠪᠤᠳᠤᠯᠭ᠎ᠠ ᠶᠢ ᠰᠦᠪᠡᠭᠴᠢᠯᠡᠨ ᠶᠠᠷᠢᠯᠴᠠᠭᠤᠯᠵᠤ ᠂ ᠪᠣᠳᠤᠯ ᠰᠠᠨᠠᠭ᠎ᠠ ᠪᠠᠨ ᠰᠣᠯᠢᠯᠴᠠᠨ ᠂ ᠬᠠᠮᠲᠤ ᠪᠠᠷ ᠦᠷᠢᠰᠦᠯᠳᠦᠭᠡᠨ ᠢ ᠠᠷᠭᠠᠴᠠᠭᠠᠵᠤ ᠰᠤᠷᠤᠭᠴᠢᠳ ᠤᠨ ᠬᠠᠷᠢᠯᠴᠠᠨ ᠰᠤᠷᠤᠯᠴᠠᠬᠤ ᠠᠭᠤᠷ ᠠᠮᠢᠰᠬᠤᠯ ᠢ ᠬᠦᠮᠦᠵᠢᠭᠦᠯᠵᠦ ᠪᠣᠯᠤᠨ᠎ᠠ ᠃ ᠵᠢᠱᠢᠶᠡᠯᠡᠪᠡᠯ ᠂ ᠭᠤᠷᠪᠠᠯᠵᠢᠨ ᠤ ᠹᠦᠩᠺᠼ ᠶᠢᠨ ᠪᠣᠳᠠᠳᠠᠢ ᠬᠡᠷᠡᠭᠯᠡᠯᠲᠡ ᠳᠤ ᠬᠤᠯᠪᠤᠭᠳᠠᠬᠤ ᠳᠣᠭᠤᠶᠢᠯᠠᠩ ᠢᠶᠠᠷ ᠰᠡᠳᠦᠪ ᠪᠣᠳᠤᠬᠤ ᠠᠵᠢᠯᠯᠠᠭ᠎ᠠ ᠪᠠᠷ ᠰᠤᠷᠤᠭᠴᠢᠳ ᠤᠨ ᠲᠣᠭᠠᠨ ᠤ ᠤᠬᠠᠭᠠᠨ ᠤ ᠤᠬᠠᠭᠳᠠᠬᠤᠨ ᠢ  ᠪᠣᠳᠠᠳᠤ ᠠᠬᠤᠢ ᠲᠠᠢ ᠤᠶᠠᠯᠳᠤᠭᠤᠯᠬᠤ ᠶᠢ ᠠᠬᠢᠭᠤᠯᠤᠨ᠎ᠠ ᠃ ᠡᠶᠢᠮᠦᠷᠬᠦᠦ ᠮᠠᠶ᠋ᠢᠭ ᠤᠨ ᠬᠠᠮᠲᠤᠷᠠᠨ ᠪᠣᠯᠪᠠᠰᠤᠷᠠᠯᠲᠠ ᠪᠠᠷ ᠳᠠᠮᠵᠢᠵᠤ ᠂ ᠰᠤᠷᠤᠭᠴᠢᠳ ᠤᠨ ᠭᠤᠷᠪᠠᠯᠵᠢᠨ ᠤ  ᠹᠦᠩᠺᠼ ᠤᠨ ᠤᠬᠠᠭᠳᠠᠬᠤᠨ ᠢ ᠪᠣᠳᠠᠳᠠᠢ ᠬᠡᠷᠡᠭᠯᠡᠵᠦ ᠴᠢᠳᠠᠬᠤ ᠴᠢᠳᠠᠪᠤᠷᠢ ᠶᠢ ᠳᠡᠭᠡᠭᠰᠢᠯᠡᠭᠦᠯᠬᠦ ᠪᠠᠷ ᠪᠠᠷᠠᠬᠤ ᠦᠭᠡᠢ ᠪᠠᠰᠠ ᠪᠦᠯᠬᠦᠮ ᠨᠡᠶᠢᠲᠡ ᠶᠢᠨ ᠬᠠᠮᠲᠤᠷᠠᠨ ᠠᠵᠢᠯᠯᠠᠬᠤ ᠵᠢᠴᠢ ᠬᠠᠷᠢᠯᠴᠠᠨ ᠨᠡᠪᠲᠡᠷᠡᠯᠴᠡᠬᠦ ᠴᠢᠳᠠᠪᠤᠷᠢ ᠪᠠ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠶᠢ ᠬᠦᠮᠦᠵᠢᠭᠦᠯᠵᠦ ᠪᠣᠯᠤᠨ᠎ᠠ ᠃      ︵   ᠳᠦᠷᠪᠡ ︶ ᠥᠪᠡᠷᠮᠢᠴᠡ ᠰᠤᠷᠤᠯᠴᠠᠬᠤ ᠠᠷᠭ᠎ᠠ ᠮᠠᠶ᠋ᠢᠭ ᠢ ᠰᠦᠪᠡᠭᠴᠢᠯᠡᠬᠦ     ᠭᠤᠷᠪᠠᠯᠵᠢᠨ ᠤ  ᠹᠦᠩᠺᠼ ᠤᠨ ᠵᠢᠭᠠᠨ ᠰᠤᠷᠭᠠᠯᠲᠠ ᠳᠤ ᠥᠪᠡᠷᠮᠢᠴᠡ ᠣᠨᠴᠠᠯᠢᠭ ᠲᠠᠢ ᠰᠤᠷᠤᠯᠴᠠᠯᠭ᠎ᠠ ᠶᠢ ᠠᠭᠤᠰᠬᠠᠬᠤ ᠪᠣᠯ ᠰᠤᠷᠤᠭᠴᠢᠳ ᠤᠨ ᠠᠳᠠᠯᠢ ᠪᠣᠰᠤ ᠰᠤᠷᠤᠯᠴᠠᠬᠤ ᠬᠡᠪ ᠨᠠᠮᠪᠠ ᠪᠠ ᠠᠬᠢᠴᠠ ᠶᠢ ᠮᠡᠳᠡᠷᠡᠬᠦ ᠶᠠᠪᠤᠳᠠᠯ ᠪᠣᠯᠤᠨ᠎ᠠ ᠃ ᠪᠠᠭᠰᠢ ᠪᠣᠯᠤᠭᠰᠠᠳ ᠰᠤᠷᠤᠭᠴᠢᠳ ᠲᠤ ᠭᠤᠷᠪᠠᠯᠵᠢᠨ ᠤ  ᠹᠦᠩᠺᠼ ᠤᠨ ᠥᠪᠡᠷᠮᠢᠴᠡ ᠴᠢᠨᠠᠷ ᠢ ᠡᠵᠡᠮᠰᠢᠬᠦ ᠠᠷᠭ᠎ᠠ ᠵᠠᠮ ᠢ ᠬᠠᠩᠭᠠᠬᠤ ᠪᠠᠷ ᠳᠠᠮᠵᠢᠭᠤᠯᠤᠨ ᠂ ᠰᠤᠷᠤᠭᠴᠢᠳ ᠲᠤ ᠥᠪᠡᠷ ᠤᠨ ᠠᠬᠢᠴᠠ ᠪᠠ ᠬᠦᠨᠵᠡᠭᠡᠢ ᠬᠠᠶᠢᠨ ᠰᠦᠪᠡᠭᠴᠢᠯᠡᠬᠦ ᠤᠬᠠᠭᠳᠠᠬᠤᠨ ᠤ ᠣᠷᠴᠢᠨ ᠨᠦᠭᠦᠴᠡᠯ ᠢ ᠬᠠᠩᠭᠠᠨ ᠂ ᠰᠤᠷᠤᠯᠴᠠᠬᠤ ᠮᠠᠲ᠋ᠧᠷᠢᠶᠠᠯ ᠂ ᠬᠢᠷᠢ ᠭᠡᠮ  ᠳᠤᠨᠢ ᠲᠣᠬᠢᠷᠠᠭᠤᠯᠤᠨ ᠳᠣᠭᠲᠠᠭᠠᠭᠰᠠᠨ ᠦᠨᠡᠯᠡᠯᠲᠡ ᠪᠠ ᠵᠦᠷᠢᠶᠡᠲᠤ ᠵᠢᠭᠠᠨ ᠰᠤᠷᠭᠠᠯᠲᠠ ᠪᠠᠷ ᠰᠤᠷᠤᠭᠴᠢᠳ  ᠤᠨ ᠠᠳᠠᠯᠢ ᠪᠣᠰᠤ ᠬᠡᠷᠡᠭᠴᠡᠭᠡ ᠶᠢ ᠬᠠᠩᠭᠠᠵᠤ ᠂ ᠨᠡᠩ ᠪᠠᠭᠲᠠᠭᠠᠮᠵᠢᠲᠤ ᠴᠢᠨᠠᠷ ᠪᠠ ᠲᠠᠲᠠᠬᠤ ᠬᠦᠴᠦᠨ ᠪᠦᠬᠦᠢ ᠰᠤᠷᠤᠯᠴᠠᠯᠭ᠎ᠠ ᠶᠢᠨ ᠥᠩᠭᠡᠷᠡᠭᠡᠯᠲᠡ ᠶᠢ ᠠᠬᠢᠭᠤᠯᠵᠤ ᠪᠣᠯᠬᠤ ᠶᠤᠮ ᠃ ᠪᠠᠭᠰᠢ ᠠᠴᠠ ᠣᠯᠠᠨ ᠵᠦᠢᠯ ᠤᠨ ᠰᠤᠷᠤᠯᠴᠠᠬᠤ ᠡᠬᠢ ᠪᠠᠶᠠᠯᠢᠭ ᠢ ᠬᠠᠩᠭᠠᠬᠤ ᠨᠢ ᠰᠦᠯᠵᠢᠶᠡᠨ ᠳᠡᠭᠡᠷᠡᠬᠢ ᠬᠠᠷᠢᠯᠴᠠᠬᠤ ᠮᠠᠶ᠋ᠢᠭ ᠂ ᠤᠯᠠᠮᠵᠢᠯᠠᠯᠲᠤ ᠰᠤᠷᠬᠤ ᠪᠢᠴᠢᠭ ᠂ ᠦᠢᠯᠡᠳᠦᠯᠭᠡ ᠶᠢᠨ ᠠᠵᠢᠯᠯᠠᠭ᠎ᠠ ᠵᠡᠷᠭᠡ ᠠᠳᠠᠯᠢ ᠪᠤᠰᠤ ᠰᠤᠷᠤᠯᠴᠠᠬᠤ ᠳᠤᠷᠠᠰᠢᠯ ᠢ ᠬᠠᠩᠭᠠᠬᠤ ᠶᠢᠨ ᠬᠠᠮᠲᠤ ᠰᠤᠷᠤᠭᠴᠢᠳ ᠤᠨ ᠣᠶᠢᠯᠠᠭᠠᠬᠤ ᠴᠢᠳᠠᠪᠤᠷᠢ ᠶᠢ ᠨᠢ ᠣᠯᠠᠨ ᠲᠠᠯ᠎ᠠ ᠠᠴᠠ ᠳᠡᠭᠡᠭᠰᠢᠯᠡᠭᠦᠳᠡᠭ ᠃ ᠭᠤᠷᠪᠠᠯᠵᠢᠨ ᠤ  ᠹᠦᠩᠺᠼ ᠤᠨ ᠬᠢᠴᠢᠶᠡᠯ ᠳᠤ ᠥᠪᠡᠷᠮᠢᠴᠡ ᠰᠤᠷᠤᠯᠴᠠᠯᠭ᠎ᠠ ᠶᠢᠨ ᠠᠷᠭ᠎ᠠ ᠪᠣᠳᠤᠯᠭ᠎ᠠ ᠶᠢ ᠬᠡᠷᠡᠭᠯᠡᠵᠦ ᠂ ᠤᠯᠠᠨ ᠶᠠᠩᠵᠤ ᠶᠢᠨ ᠰᠤᠷᠤᠯᠴᠠᠬᠤ ᠠᠷᠭ᠎ᠠ ᠵᠠᠮ ᠢ ᠬᠡᠷᠡᠭᠯᠡᠵᠦ ᠪᠣᠯᠤᠨ᠎ᠠ ᠃     ᠬᠤᠷᠢᠶᠠᠩᠭᠤᠶᠢᠯᠠᠪᠠᠯ ᠂ ᠦᠢᠯᠡᠳᠦᠯᠴᠡᠬᠦ ᠂ ᠬᠡᠷᠡᠭᠯᠡᠬᠦ ᠂ ᠬᠠᠮᠲᠤᠷᠠᠯᠴᠠᠬᠤ ᠪᠠ ᠥᠪᠡᠷᠮᠢᠴᠡ ᠤᠨᠴᠠᠯᠢᠭ ᠪᠦᠬᠦᠢ ᠰᠤᠷᠤᠯᠴᠠᠬᠤ ᠠᠷᠭ᠎ᠠ ᠪᠣᠳᠤᠯᠭ᠎ᠠ ᠶᠢ  ᠳᠡᠭᠡᠲᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠲᠣᠭᠠᠨ ᠤ ᠤᠬᠠᠭᠠᠨ ᠤ ᠬᠢᠴᠢᠶᠡᠯ ᠤᠨ ᠲᠠᠩᠬᠢᠮ ᠳᠤ ᠠᠭᠤᠰᠤᠯᠴᠠᠭᠤᠯᠬᠤ ᠪᠣᠯ ᠤᠳᠣ ᠦᠶ᠎ᠡ ᠶᠢᠨ ᠰᠤᠷᠭᠠᠨ ᠬᠦᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠰᠢᠨ᠎ᠡ ᠨᠢᠭᠡᠨ ᠬᠤᠪᠢᠰᠤᠯᠲᠠ ᠭᠡᠵᠦ ᠦᠵᠡᠵᠦ ᠪᠣᠯᠤᠨ᠎ᠠ ᠃ ᠴᠢᠨᠠᠭᠰᠢᠯᠠᠭᠠᠳ ᠤᠯᠠᠨ  ᠶᠠᠩᠵᠤ ᠶᠢᠨ ᠠᠷᠭ᠎ᠠ ᠶᠢ ᠠᠰᠢᠭᠯᠠᠬᠤ ᠪᠠ ᠥᠪᠡᠷᠮᠢᠴᠡ ᠴᠢᠨᠠᠷ ᠤᠨ ᠠᠷᠭ᠎ᠠ ᠶᠢ ᠬᠡᠷᠡᠭᠯᠡᠬᠦ ᠪᠠᠷ ᠳᠠᠮᠵᠢᠨ ᠨᠢᠭᠡ ᠵᠦᠢᠯ ᠤᠨ ᠵᠢᠭᠠᠨ ᠰᠤᠷᠭᠠᠬᠤ ᠣᠷᠴᠢᠨ ᠲᠣᠭᠤᠷᠢᠨ ᠢ ᠪᠣᠢ ᠪᠣᠯᠭᠠᠵᠤ ᠂ ᠲᠣᠭᠠᠨ ᠤ ᠤᠬᠠᠭᠠᠨ ᠤ ᠤᠬᠠᠭᠳᠠᠬᠤᠨ ᠢ ᠴᠤᠯᠭᠤᠢ ᠣᠨᠤᠯ ᠠᠴᠠ ᠳᠠᠪᠠᠭᠤᠯᠵᠤ ᠂ ᠪᠣᠳᠠᠲᠤ ᠣᠷᠴᠢᠨ ᠠᠬᠤᠢ ᠳᠤ ᠠᠰᠠᠭᠤᠳᠠᠯ ᠢ ᠰᠢᠢᠳᠪᠦᠷᠢᠯᠡᠬᠦ ᠬᠡᠯᠪᠡᠷᠢᠵᠢᠭᠰᠡᠨ ᠪᠠᠭᠠᠵᠢ ᠪᠣᠯᠭᠠᠨ ᠬᠤᠪᠢᠷᠠᠭᠤᠯᠵᠠᠢ ᠬᠡᠮᠡᠨ ᠦᠵᠡᠵᠦ ᠪᠣᠯᠤᠨ᠎ᠠ ᠃ ᠡᠶᠢᠮᠦᠷᠬᠦᠦ ᠤᠯᠠᠨ ᠳᠡᠰ ᠳᠠᠪᠬᠤᠷᠭ᠎ᠠ ᠶᠢᠨ ᠵᠢᠭᠠᠨ ᠰᠤᠷᠭᠠᠬᠤ ᠠᠷᠭ᠎ᠠ ᠮᠠᠶ᠋ᠢᠭ ᠨᠢ ᠰᠤᠷᠤᠭᠴᠢᠳ ᠤᠨ ᠣᠶᠢᠯᠠᠭᠠᠬᠤ ᠴᠢᠳᠠᠪᠤᠷᠢ ᠶᠢ ᠬᠦᠮᠦᠵᠢᠭᠦᠯᠬᠦ ᠪᠠᠷ ᠦᠯᠦ ᠪᠠᠷᠠᠮ ᠪᠠᠰᠠ ᠰᠤᠷᠤᠭᠴᠢᠳ ᠤᠨ ᠰᠢᠭᠦᠮᠵᠢᠯᠡᠯ ᠤᠨ ᠴᠢᠨᠠᠷᠲᠠᠢ ᠰᠡᠳᠭᠢᠭᠦᠢ ᠂ ᠪᠦᠯᠬᠦᠮ ᠨᠡᠶᠢᠲᠡ ᠶᠢᠨ ᠵᠣᠷᠢᠭ ᠰᠠᠨᠠᠭ᠎ᠠ ᠪᠠ  ᠬᠠᠷᠢᠯᠴᠠᠨ ᠵᠣᠬᠢᠴᠠᠬᠤ ᠴᠢᠳᠠᠪᠤᠷᠢ ᠶᠢ ᠬᠦᠮᠦᠵᠢᠭᠦᠯᠵᠦ ᠴᠢᠳᠠᠨ᠎ᠠ᠃ ᠰᠤᠷᠤᠭᠴᠢᠳ ᠢ ᠠᠳᠠᠯᠢ ᠪᠣᠰᠤ ᠬᠠᠷᠠᠭᠠᠰᠤ ᠠᠴᠠ ᠲᠣᠭᠠᠨ ᠤ ᠤᠬᠠᠭᠠᠨ ᠤ ᠰᠤᠷᠤᠯᠴᠠᠯᠭ᠎ᠠ  ᠳᠤ ᠣᠷᠤᠯᠴᠠᠭᠤᠯᠬᠤ ᠂ ᠰᠦᠪᠡᠭᠴᠢᠯᠡᠭᠦᠯᠬᠦ ᠂ ᠡᠵᠡᠮᠰᠢᠭᠦᠯᠬᠦ ᠪᠠᠷ ᠳᠠᠮᠵᠢᠨ ᠲᠣᠭᠠᠨ ᠤ ᠤᠬᠠᠭᠠᠨ ᠤ ᠤᠭ ᠶᠣᠰᠤ ᠶᠢ ᠭᠦᠨᠵᠡᠭᠡᠢ ᠣᠶᠢᠯᠠᠭᠠᠬᠤ ᠪᠠ ᠤᠷᠤᠰᠤᠮ᠎ᠠ ᠰᠠᠶᠢᠬᠠᠨ ᠢᠯᠡᠳᠬᠡᠬᠦ ᠴᠢᠳᠠᠪᠤᠷᠢ ᠶᠢ ᠬᠦᠮᠦᠵᠢᠭᠦᠯᠵᠦ ᠴᠢᠳᠠᠨ᠎ᠠ ᠃ ᠡᠨᠡ ᠬᠦ ᠴᠢᠳᠠᠪᠤᠷᠢ ᠨᠢ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠬᠦᠷᠢᠶ᠎ᠡ ᠬᠡᠪᠴᠢᠶ᠎ᠡ ᠠᠴᠠ ᠬᠤᠯᠠ ᠳᠠᠪᠠᠵᠤ ᠂ ᠡᠭᠦᠨ ᠤ ᠤᠯᠠᠮ ᠠᠴᠠ ᠰᠡᠳᠬᠢᠬᠦ ᠳᠡᠭᠡᠨ ᠴᠢᠳᠠᠮᠠᠭᠠᠢ ᠂ ᠠᠷᠭ᠎ᠠ ᠰᠠᠮᠪᠠᠭ᠎ᠠ ᠪᠦᠬᠦᠢ ᠴᠢᠳᠠᠪᠤᠷᠢᠲᠡᠨ ᠢ ᠤᠯᠠᠨ ᠬᠦᠮᠦᠵᠢᠭᠦᠯᠵᠦ ᠂ ᠢᠷᠡᠭᠡᠲᠦᠢ ᠶᠢᠨ ᠦᠷᠢᠰᠦᠯᠳᠦᠭᠡᠨ ᠢ ᠣᠭᠲᠤᠬᠤ ᠳᠤ ᠰᠠᠶᠢᠲᠤᠷ ᠪᠡᠯᠡᠳᠬᠡᠯ ᠬᠢᠵᠦ ᠴᠢᠳᠠᠨ᠎ᠠ ᠃
 
ᠢᠷᠡᠯᠲᠡ᠄ ᠥᠪᠦᠷ ᠮᠣᠩᠭᠤᠯ ᠤᠨ ᠰᠤᠷᠭᠠᠨ ᠬᠦᠮᠥᠵᠢᠯ ︵ᠰᠡᠳᠬᠦᠯ ︶
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号