| ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠤᠯᠠᠮ ᠴᠢᠨᠠᠭᠰᠢᠳᠠ ᠪᠠᠬᠢᠵᠢᠭᠦᠯᠦᠨ | ᠥᠷᠭᠡᠳᠬᠡᠵᠦ᠂ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠪᠠᠷ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ ᠦᠢᠯᠡᠳᠦᠯ ᠢ ᠪᠠᠳᠠᠷᠠᠭᠤᠯᠵᠤ᠂ ᠶᠠᠳᠠᠭᠤ ᠠᠴᠠ ᠠᠩᠭᠢᠵᠢᠷᠠᠭᠰᠠᠨ ᠡᠷᠦᠬᠡ ᠪᠣᠯᠤᠨ | ᠬᠢᠨᠠᠨ ᠬᠡᠮᠵᠢᠬᠦ ᠡᠲᠡᠭᠡᠳ ᠤᠨ ᠠᠵᠤ ᠦᠢᠯᠡᠰ ᠤᠨ ᠪᠡᠯᠡ ᠮᠥᠩᠭᠦ ᠶᠢ ᠬᠥᠭᠵᠢᠭᠦᠯᠬᠦ ᠠᠰᠠᠭᠤᠳᠠᠯ ᠢ ᠰᠢᠢᠳᠪᠦᠷᠢᠯᠡᠵᠦ᠂ | ᠠᠵᠤ ᠦᠢᠯᠡᠰ ᠤᠨ ᠬᠥᠭᠵᠢᠯᠲᠡ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠶᠢᠨ ᠲᠥᠯᠥᠭᠡ᠂ | ᠤᠷᠳᠤ ᠬᠤᠭᠤᠴᠠᠭᠠᠨ ᠤ ᠲᠤᠷᠰᠢ᠂ ᠬᠤᠸᠠᠩ ᠶᠠᠩ ᠸᠠ ᠪᠠᠯᠭᠠᠰᠤ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ | ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠦᠬᠦ | ᠲᠠᠯ᠎ᠠ ᠪᠠᠷ ᠬᠦᠴᠦᠨ ᠨᠡᠮᠡᠷᠢᠯᠡᠪᠡ᠃ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠎ᠠ᠃ ᠬᠤᠸᠠᠩ ᠶᠠᠩ ᠸᠠ ᠪᠠᠯᠭᠠᠰᠤ ᠲᠣᠰᠬᠤᠨ ᠳᠤ | ᠰᠠᠭᠤᠭ᠎ᠠ ︵ᠳᠠᠭᠠᠭᠠᠴᠢᠯᠠᠬᠤ︶ ᠲᠣᠰᠬᠤᠨ ᠤ ᠠᠵᠢᠯᠯᠠᠬᠤ ᠠᠩᠭᠢ᠂ ᠲᠣᠰᠬᠤᠨ ︵ᠨᠡᠶᠢᠭᠡᠮ ᠲᠣᠭᠤᠷᠢᠭ︶ ᠤ ᠺᠠᠳ᠋ᠷ᠂ | ᠰᠦᠯᠵᠢᠶᠡᠨ ᠤ ᠠᠵᠢᠯᠲᠠᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠲᠣᠰᠬᠤᠨ ︵ᠨᠡᠶᠢᠭᠡᠮ ᠲᠣᠭᠤᠷᠢᠭ︶ ᠢ | ᠵᠣᠬᠢᠶᠠᠨ ᠪᠠᠶᠢᠭᠤᠯᠤᠨ ᠢᠯᠡ ᠨᠡᠶᠢᠲᠡᠯᠡᠬᠦ ᠪᠤᠯᠤᠩ ᠢ ᠨᠠᠭᠠᠬᠤ᠂ ᠡᠷᠦᠬᠡ ᠳᠤ ᠬᠦᠷᠴᠦ ᠲᠠᠶᠢᠯᠪᠤᠷᠢᠯᠠᠬᠤ᠂ ᠸᠢᠴᠠᠲ ᠤᠨ | ᠬᠤᠯᠪᠣᠭ᠎ᠠ ᠪᠠᠷ ᠳᠠᠮᠵᠢᠭᠤᠯᠤᠨ ᠲᠠᠷᠬᠠᠭᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠥᠷᠭᠡᠨ ᠢᠶᠠᠷ ᠤᠬᠠᠭᠤᠯᠪᠠ᠃ | ᠡᠭᠦᠨ ᠤ ᠬᠠᠮᠲᠤ ᠲᠥᠷᠥ ᠶᠢᠨ ᠪᠣᠳᠣᠯᠭ᠎ᠠ ᠶᠢᠨ ᠪᠣᠯᠪᠠᠰᠤᠷᠠᠭᠤᠯᠤᠯ ᠤᠨ ᠬᠤᠷᠠᠯ ᠢ ᠣᠯᠠᠨ ᠤᠳᠠᠭ᠎ᠠ ᠥᠷᠨᠢᠭᠦᠯᠵᠦ᠂ | ᠪᠠᠯᠭᠠᠰᠤ ᠲᠣᠰᠬᠤᠨ ᠬᠤᠶᠠᠷ ᠱᠠᠲᠤᠨ ᠤ ᠬᠤᠷᠠᠯ ᠢᠶᠠᠷ ᠳᠠᠮᠵᠢᠭᠤᠯᠤᠨ ᠪᠠᠭ᠎ᠠ ᠲᠣᠭᠠᠨ ᠤ ᠢᠲᠡᠭᠡᠮᠵᠢᠲᠦ | ᠵᠢᠭᠡᠯᠡᠯᠭᠡ ᠶᠢᠨ ᠠᠴᠢ ᠬᠤᠯᠪᠣᠭᠳᠠᠯ᠂ ᠵᠢᠭᠡᠯᠡᠯᠭᠡ ᠶᠢᠨ ᠳᠡᠮᠵᠢᠬᠦ ᠡᠲᠡᠭᠡᠳ᠂ ᠪᠠᠭ᠎ᠠ ᠲᠣᠭᠠᠨ ᠤ ᠢᠲᠡᠭᠡᠮᠵᠢᠲᠦ | ᠵᠢᠭᠡᠯᠡᠯᠭᠡ ᠶᠢᠨ ᠬᠡᠷᠡᠭᠴᠡᠭᠡ᠂ ᠲᠠᠯᠪᠢᠬᠤ ᠲᠤᠭ᠎ᠠ ᠬᠡᠮᠵᠢᠶ᠎ᠡ᠂ ᠬᠤᠭᠤᠴᠠᠭ᠎ᠠ ᠵᠢᠴᠢ ᠳᠠᠭᠠᠭᠠᠯᠲᠠ ᠬᠢᠬᠦ ᠠᠷᠭ᠎ᠠ ᠮᠠᠶ᠋ᠢᠭ᠂ | ᠬᠡᠷᠡᠭᠰᠡᠬᠦ ᠭᠡᠷᠡᠴᠢ ᠦᠨᠡᠮᠯᠡᠯ ᠵᠢᠴᠢ ᠭᠦᠢᠴᠡᠳᠭᠡᠬᠦ ᠴᠤᠪᠤᠷᠠᠯ ᠵᠡᠷᠭᠡ ᠶᠢ ᠨᠠᠷᠢᠨ ᠨᠢᠮᠪᠠᠶ ᠲᠠᠶᠢᠯᠤᠨ᠎ᠠ᠃ ᠶᠠᠳᠠᠭᠤ ᠠᠴᠠ | ᠠᠩᠭᠢᠵᠢᠷᠠᠭᠰᠠᠨ ᠬᠥᠮᠦᠨ ᠠᠮᠠ ᠶᠢᠨ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ | ᠬᠥᠮᠦᠨ ᠪᠣᠯᠭᠠᠨ ᠳᠤ ᠮᠡᠳᠡᠭᠦᠯᠬᠦ ᠶᠢ ᠦᠨᠡᠨᠬᠦ ᠪᠠᠲᠤᠯᠠᠵᠤ᠂ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ | ᠭᠤᠶᠤᠴᠢᠯᠠᠬᠤ ᠢᠳᠡᠪᠬᠢᠵᠢᠯ ᠪᠣᠯᠤᠨ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠪᠠ᠃ | ᠭᠤᠶᠤᠴᠢᠯᠠᠯ ᠤᠨ ᠰᠠᠭᠤᠷᠢ ᠲᠤᠭ᠎ᠠ ᠶᠢ ᠲᠣᠳᠣᠷᠬᠠᠢ ᠮᠡᠳᠡᠨ᠎ᠡ᠃ ᠬᠤᠸᠠᠩ ᠶᠠᠩ ᠸᠠ ᠪᠠᠯᠭᠠᠰᠤ ᠨᠢ ᠪᠠᠯᠭᠠᠰᠤ | ᠲᠣᠰᠬᠤᠨ ᠬᠤᠶᠠᠷ ᠱᠠᠲᠤᠨ ᠤ ᠺᠠᠳ᠋ᠷ ᠢ ᠢᠳᠡᠪᠬᠢᠲᠡᠶ ᠵᠣᠬᠢᠶᠠᠨ ᠪᠠᠶᠢᠭᠤᠯᠵᠤ᠂ ᠪᠠᠩᠬᠢ ᠶᠢᠨ ᠰᠠᠯᠠᠭ᠎ᠠ ᠮᠥᠴᠢᠷ ᠲᠠᠢ | ᠬᠠᠮᠲᠤᠷᠠᠨ ᠳᠤᠭᠤᠶᠢᠯᠠᠩ ᠪᠠᠶᠢᠭᠤᠯᠵᠤ ᠡᠷᠦᠬᠡ ᠳᠤ ᠣᠷᠣᠵᠤ ᠰᠤᠷᠪᠤᠯᠵᠢᠯᠠᠨ ᠪᠠᠶᠢᠴᠠᠭᠠᠵᠤ᠂ ᠶᠠᠳᠠᠭᠤ ᠠᠴᠠ | ᠠᠩᠭᠢᠵᠢᠷᠠᠭᠰᠠᠨ ᠡᠷᠦᠬᠡ ᠵᠢᠴᠢ ᠬᠢᠨᠠᠨ ᠬᠡᠮᠵᠢᠭᠰᠡᠨ ᠡᠲᠡᠭᠡᠳ ᠤᠨ ᠠᠵᠤ ᠦᠢᠯᠡᠰ ᠢ ᠬᠥᠭᠵᠢᠭᠦᠯᠬᠦ ᠪᠠᠯᠠ ᠮᠥᠩᠭᠦ ᠶᠢᠨ | ᠬᠡᠷᠡᠭᠴᠡᠭᠡ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠣᠳᠣᠷᠬᠠᠶ ᠣᠶᠢᠯᠠᠭᠠᠵᠤ᠂ ᠡᠬᠡ ᠲᠠᠩᠰᠠ ᠪᠠᠶᠢᠭᠤᠯᠪᠠ᠃ ᠵᠢᠭᠡᠯᠡᠯᠭᠡ | ᠠᠪᠬᠤ ᠬᠦᠰᠡᠯ ᠲᠠᠢ᠂ ᠨᠥᠬᠦᠴᠡᠯ ᠳᠤ ᠨᠡᠶᠢᠴᠡᠭᠰᠡᠨ ᠶᠠᠳᠠᠭᠤ ᠠᠴᠠ ᠠᠩᠭᠢᠵᠢᠷᠠᠭᠰᠠᠨ ᠡᠷᠦᠬᠡ ᠪᠠ ᠬᠢᠨᠠᠨ ᠬᠡᠮᠵᠢᠬᠦ | ᠡᠷᠦᠬᠡ ᠶᠢᠨ ᠪᠠᠩᠬᠢ ᠲᠠᠢ ᠬᠠᠮᠲᠤᠷᠠᠨ ᠵᠣᠯᠭᠠᠭᠤᠯᠬᠤ ᠦᠢᠯᠡᠴᠢᠯᠡᠭᠡ ᠶᠢ ᠴᠠᠭ ᠲᠤᠬᠠᠢ ᠳᠤᠨᠢ ᠰᠠᠶᠢᠲᠤᠷ ᠬᠢᠵᠦ᠂ | ᠭᠦᠢᠴᠡᠳᠬᠡᠬᠦ ᠶᠠᠪᠤᠴᠠ ᠶᠢ ᠰᠢᠯᠢᠳᠡᠭᠵᠢᠭᠦᠯᠦᠨ᠂ ︽ ᠵᠢᠭᠡᠯᠡᠭᠦᠯᠬᠦ ᠶᠣᠰᠣᠲᠠᠢ ᠶᠢ ᠨᠢ ᠪᠦᠬᠦᠨ ᠢ ᠵᠢᠭᠡᠯᠡᠭᠦᠯᠵᠦ︾᠂ | ᠪᠡᠯᠡ ᠮᠥᠩᠭᠦ ᠶᠢ ᠴᠠᠭ ᠲᠤᠬᠠᠢ ᠳᠤᠨᠢ ᠪᠣᠳᠠᠲᠠᠶᠢᠵᠢᠭᠤᠯᠬᠤ ᠶᠢ ᠪᠠᠲᠤᠯᠠᠨ᠎ᠠ᠃ ᠡᠨᠡ ᠵᠢᠯ ᠠᠴᠠ ᠨᠠᠰᠢ᠂ ᠬᠤᠸᠠᠩ | ᠶᠠᠩ ᠸᠠ ᠪᠠᠯᠭᠠᠰᠤ ᠨᠢᠭᠡᠨᠲᠡ 35 ᠡᠷᠦᠬᠡ ᠶᠢᠨ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠡᠲᠡᠭᠡᠳ ᠤᠨ | ᠦᠢᠯᠡᠴᠢᠯᠡᠭᠡᠨ ᠤ ᠠᠵᠢᠯ ᠢ ᠰᠠᠶᠢᠲᠤᠷ ᠬᠢᠭᠰᠡᠨ ᠪᠥᠭᠡᠳ ᠠᠵᠢᠯ ᠤᠨ ᠡᠬᠡ ᠲᠠᠩᠰᠠ ᠪᠠᠶᠢᠭᠤᠯᠵᠤ᠂ ᠲᠡᠳᠡᠨ ᠤ ᠪᠠᠭ᠎ᠠ | ᠲᠣᠭᠠᠨ ᠤ ᠢᠲᠡᠭᠡᠮᠵᠢᠲᠦ ᠵᠢᠭᠡᠯᠡᠯᠭᠡ ᠶᠢ ᠬᠠᠨᠳᠤᠯᠭ᠎ᠠ ᠲᠠᠢ ᠪᠠᠷ ᠰᠠᠶᠢᠲᠤᠷ ᠠᠰᠢᠭᠯᠠᠨ ᠠᠳᠠᠯ ᠦᠢᠯᠡᠰ ᠴᠣᠭᠴᠠᠯᠠᠨ | ᠪᠠᠶᠠᠵᠢᠬᠤ ᠶᠢ ᠵᠣᠷᠢᠭᠵᠢᠭᠤᠯᠵᠤ᠂ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠪᠡ᠃ | ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠶᠢ ᠪᠠᠲᠤᠳᠬᠠᠨ᠎ᠠ᠃ ᠪᠠᠭ᠎ᠠ ᠲᠣᠭᠠᠨ ᠤ ᠢᠲᠡᠭᠡᠮᠵᠢᠲᠦ | ᠵᠢᠭᠡᠯᠡᠯᠭᠡ ᠶᠢᠨ ᠪᠡᠯᠡ ᠮᠥᠩᠭᠦ ᠶᠢᠨ ᠠᠮᠤᠷ ᠲᠦᠪᠰᠢᠨ ᠪᠠ ᠪᠦᠲᠦᠮᠵᠢᠲᠡᠶ ᠬᠡᠷᠡᠭᠯᠡᠯᠲᠡ ᠶᠢ ᠦᠨᠡᠨᠬᠦ ᠪᠠᠲᠤᠯᠠᠬᠤ ᠶᠢᠨ | ᠲᠤᠰᠠᠳᠠ᠂ ᠬᠤᠸᠠᠩ ᠶᠠᠩ ᠸᠠ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠷᠦᠬᠡ ᠶᠢᠨ ᠵᠢᠭᠡᠯᠡᠯᠭᠡ᠂ | ᠬᠡᠷᠡᠭᠯᠡᠬᠦ ᠡᠷᠦᠬᠡ᠂ ᠡᠷᠦᠬᠡ ᠶᠢ ᠪᠤᠴᠠᠭᠠᠬᠤ ᠶᠢ ᠪᠠᠷᠢᠮᠲᠠᠯᠠᠨ᠂ ᠵᠢᠭᠡᠯᠡᠯᠭᠡ ᠲᠠᠯᠪᠢᠬᠤ ᠠᠴᠠ ᠡᠮᠦᠨ᠎ᠡ ᠲᠣᠰᠬᠤᠨ | ᠳᠤᠭᠤᠶᠢᠯᠠᠩ ᠤᠨ ᠺᠠᠳ᠋ᠷ ᠵᠡᠷᠭᠡ ᠣᠯᠠᠨ ᠲᠠᠯ᠎ᠠ ᠠᠴᠠ ᠵᠢᠭᠰᠠᠭᠠᠨ ᠪᠠᠶᠢᠴᠠᠭᠠᠵᠤ᠂ ᠴᠢᠩᠭ᠎ᠠ ᠬᠢᠨᠠᠨ ᠬᠠᠷᠭᠤᠭᠤᠯᠵᠤ᠂ | ᠵᠢᠭᠡᠯᠡᠯᠭᠡ ᠵᠢᠭᠡᠯᠡᠬᠦ ᠡᠲᠡᠭᠡᠳ ᠤᠨ ᠨᠥᠬᠦᠴᠡᠯ ᠳᠤ ᠨᠡᠶᠢᠴᠡᠬᠦ ᠶᠢ ᠦᠨᠡᠨᠬᠦ ᠪᠠᠲᠤᠯᠠᠨ᠎ᠠ᠃ ᠵᠢᠭᠡᠯᠡᠯᠭᠡ ᠲᠠᠯᠪᠢᠭᠰᠠᠨ ᠤ | ᠳᠠᠷᠠᠭ᠎ᠠ ᠪᠥᠬᠦ ᠶᠠᠪᠤᠴᠠ ᠳᠤ ᠮᠥᠷᠳᠡᠨ ᠬᠢᠨᠠᠯᠲᠠ ᠲᠠᠯᠪᠢᠵᠤ᠂ ᠵᠢᠭᠡᠯᠡᠯᠭᠡ ᠶᠢᠨ ᠬᠡᠷᠡᠭᠴᠡᠭᠡ ᠶᠢ ᠰᠢᠯᠵᠢᠭᠦᠯᠬᠦ ᠦᠵᠡᠭᠳᠡᠯ | ᠡᠭᠦᠰᠬᠦ ᠥᠬᠡᠶ ᠪᠠᠶᠢᠬᠤ ᠶᠢ ᠦᠨᠡᠨ ᠬᠦ ᠪᠠᠲᠤᠯᠠᠵᠤ᠂ ᠠᠵᠤ ᠦᠢᠯᠡᠰ ᠤᠨ ᠬᠥᠭᠵᠢᠯᠲᠡ ᠪᠠ ᠦᠢᠯᠡᠳᠪᠦᠷᠢᠯᠡᠯ | ᠡᠵᠡᠩᠨᠡᠯᠲᠡ ᠳᠤ ᠬᠡᠷᠡᠭᠯᠡᠵᠦ᠂ ᠣᠯᠠᠨ ᠲᠦᠮᠡᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠪᠠ᠃ ᠡᠭᠦᠨ ᠤ ᠬᠠᠮᠲᠤ | ᠵᠢᠭᠡᠯᠡᠯᠭᠡ ᠶᠢᠨ ᠬᠤᠭᠤᠴᠠᠭ᠎ᠠ ᠨᠢ ᠲᠤᠯᠤᠭᠰᠠᠨ ᠡᠷᠦᠬᠡ ᠶᠢ ᠴᠢᠩᠭ᠎ᠠ ᠠᠩᠬᠠᠷᠴᠤ᠂ ᠵᠢᠭᠡᠯᠡᠯᠭᠡ ᠶᠢ ᠡᠭᠡᠭᠦᠯᠦᠨ | ᠬᠤᠷᠢᠶᠠᠬᠤ ᠪᠤᠶᠤ ᠦᠷᠭᠦᠯᠵᠢᠯᠡᠨ ᠵᠢᠭᠡᠯᠡᠯᠭᠡ ᠲᠠᠯᠪᠢᠬᠤ ᠠᠵᠢᠯ ᠢ ᠰᠠᠶᠢᠲᠤᠷ ᠬᠢᠵᠦ᠂ ᠵᠢᠭᠡᠯᠡᠯᠭᠡ ᠶᠢ ᠬᠡᠷᠡᠭᠯᠡᠭᠰᠡᠨ | ᠪᠠᠶᠢᠳᠠᠯ ᠪᠣᠯᠤᠨ ᠵᠢᠭᠡᠯᠡᠯᠭᠡ ᠶᠢᠨ ᠬᠤᠭᠤᠴᠠᠭ᠎ᠠ ᠨᠢ ᠲᠤᠯᠤᠭᠰᠠᠨ ᠡᠷᠦᠬᠡ ᠶᠢᠨ ᠨᠡᠷᠡᠰ ᠢ ᠲᠤᠰᠬᠠᠶ ᠬᠥᠮᠦᠨ | ᠲᠣᠬᠢᠷᠠᠭᠤᠯᠤᠨ ᠡᠮᠬᠢᠯᠡᠵᠦ᠂ ᠬᠤᠭᠤᠴᠠᠭ᠎ᠠ ᠬᠡᠲᠦᠷᠡᠭᠰᠡᠨ ᠦᠵᠡᠭᠳᠡᠯ ᠭᠠᠷᠬᠤ ᠠᠴᠠ ᠵᠠᠶᠢᠯᠠᠰᠬᠢᠪᠠ᠃ | ᠲᠠᠷᠠᠭᠠᠴᠢ ᠶᠢᠨ ᠠᠯᠬᠤᠮ ᠳᠤ᠂ ᠬᠤᠸᠠᠩ ᠶᠠᠩ ᠸᠠ ᠪᠠᠯᠭᠠᠰᠤ ᠦᠷᠭᠦᠯᠵᠢᠯᠡᠨ ᠣᠯᠠᠨ ᠵᠦᠢᠯ ᠤᠨ ᠠᠷᠭ᠎ᠠ | ᠬᠡᠯᠪᠡᠷᠢ ᠶᠢ ᠠᠪᠴᠤ᠂ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠤᠬᠠᠭᠤᠯᠬᠤ | ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ | ᠪᠣᠳᠣᠯᠭ᠎ᠠ ᠶᠢ ᠣᠶᠢᠯᠠᠭᠠᠬᠤ ᠨᠣᠷᠮ᠎ᠠ᠂ ᠣᠨᠣᠪᠴᠢᠲᠤ ᠴᠢᠨᠠᠷ᠂ ᠬᠠᠮᠤᠷᠬᠤ ᠬᠡᠪᠴᠢᠶ᠎ᠡ ᠶᠢ ᠦᠨᠡᠨ ᠬᠦ ᠳᠡᠭᠡᠭᠰᠢᠯᠡᠭᠦᠯᠵᠦ᠂ | ᠣᠯᠠᠨ ᠲᠦᠮᠡᠨ ᠤ ᠳᠣᠲᠣᠭᠠᠳᠤ ᠬᠥᠭᠵᠢᠯᠲᠡ ᠶᠢᠨ ᠬᠥᠳᠡᠯᠭᠡᠬᠦ ᠬᠦᠴᠦᠨ ᠢ ᠲᠠᠰᠤᠷᠠᠯᠲᠠ ᠥᠬᠡᠶ ᠬᠥᠭᠵᠢᠭᠡᠵᠦ᠂ | ᠶᠠᠳᠠᠭᠤ ᠠᠴᠠ ᠠᠩᠭᠢᠵᠢᠷᠠᠭᠰᠠᠨ ᠡᠷᠦᠬᠡ ᠪᠠ ᠬᠢᠨᠠᠨ ᠬᠡᠮᠵᠢᠬᠦ ᠡᠲᠡᠭᠡᠳ ᠢ ᠬᠠᠪᠰᠤᠷᠤᠨ ᠠᠵᠤ ᠦᠢᠯᠡᠰ ᠤᠨ | ᠬᠥᠭᠵᠢᠯᠲᠡ ᠶᠢᠨ ᠳᠤᠮᠳᠠ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠶᠢ ᠪᠡᠶᠡᠯᠡᠭᠦᠯᠵᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ︽ᠬᠥᠳᠡᠯᠭᠡᠭᠦᠷ︾ ᠢ ᠬᠥᠭᠵᠢᠭᠡᠨ᠎ᠡ᠃ |