ᠠᠤᠬᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤᠮᠳᠠᠭᠠᠨ ᠤ ᠬᠡᠷᠡᠭᠰᠡᠯ ᠢ ᠤᠬᠢᠶᠠᠵᠤ ᠠᠷᠢᠭᠤᠳᠬᠠᠬᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/11/12
      ᠢᠳᠡᠭᠡᠨ ᠤᠮᠳᠠᠭᠠᠨ ᠤ ᠦᠢᠯᠡᠴᠢᠯᠡᠭᠡᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠢᠳᠡᠭᠡᠨ ᠤᠮᠳᠠᠭᠠᠨ ᠤ ᠬᠡᠷᠡᠭᠰᠡᠯ ᠢ ᠤᠬᠢᠶᠠᠵᠤ ᠠᠷᠢᠭᠤᠳᠬᠠᠬᠤ ᠶᠠᠪᠤᠴᠠ ᠶᠢ ᠵᠢᠷᠤᠮᠵᠢᠭᠤᠯᠤᠨ᠂ ᠢᠳᠡᠭᠡᠨ ᠤ ᠢᠷᠡᠯᠲᠡ ᠶᠢᠨ ᠴᠢᠨᠠᠷᠲᠠᠶ ᠡᠪᠡᠳᠴᠢᠨ ᠡᠮᠭᠡᠭ ᠡᠭᠦᠰᠬᠦ ᠶᠢ ᠪᠦᠲᠦᠮᠵᠢᠲᠡᠶ ᠰᠡᠷᠭᠡᠶᠢᠯᠡᠵᠦ᠂ ᠣᠯᠠᠨ ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠠᠤᠬᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ  ᠢᠳᠡᠭᠡᠨ ᠤᠮᠳᠠᠭᠠᠨ ᠤ ᠬᠡᠷᠡᠭᠰᠡᠯ ᠢ ᠤᠬᠢᠶᠠᠵᠤ ᠠᠷᠢᠭᠤᠳᠬᠠᠬᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃    ᠲᠣᠰ ᠤᠳᠠᠭᠠᠨ ᠤ ᠲᠤᠰᠬᠠᠶ ᠪᠠᠶᠢᠴᠠᠭᠠᠯᠲᠠ ᠨᠢ ᠬᠠᠷᠢᠶ᠎ᠠ ᠣᠷᠣᠨ ᠤ ᠳᠣᠲᠣᠷᠠᠬᠢ ᠳᠤᠮᠳᠠᠳᠤ ᠪᠠᠭ᠎ᠠ ᠰᠤᠷᠭᠠᠭᠤᠯᠢ ᠵᠢᠴᠢ ᠬᠡᠤᠬᠡᠳ ᠤᠨ ᠴᠡᠴᠡᠷᠯᠢᠭ ᠤᠨ ᠬᠤᠭᠤᠯᠠᠨ ᠬᠡᠷ᠂ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ᠂ ᠢᠳᠡᠭᠡᠨ ᠤᠮᠳᠠᠭᠠᠨ ᠤ  ᠦᠢᠯᠡᠴᠢᠯᠡᠭᠡᠨ ᠤ ᠡᠵᠡᠩᠨᠡᠭᠴᠢ ᠪᠠᠷ ᠬᠠᠷᠠᠯᠲᠠ ᠪᠣᠯᠭᠠᠵᠤ᠂ ᠢᠳᠡᠭᠡᠨ ᠤᠮᠳᠠᠭᠠᠨ ᠤ ᠪᠠᠭᠠᠵᠢ ᠬᠡᠷᠡᠭᠰᠡᠯ ᠢ ᠤᠬᠢᠶᠠᠵᠤ ᠠᠷᠢᠭᠤᠳᠬᠠᠬᠤ ᠲᠦᠷᠢᠮ ᠢ ᠪᠠᠶᠢᠭᠤᠯᠤᠭᠰᠠᠨ ᠪᠠᠶᠢᠳᠠᠯ᠂ ᠠᠷᠢᠭᠤᠳᠬᠠᠬᠤ ᠪᠠ ᠠᠷᠢᠭᠤᠨ ᠴᠡᠪᠡᠷ ᠢ ᠬᠠᠮᠠᠭᠠᠯᠠᠬᠤ ᠲᠥᠬᠦᠭᠡᠷᠦᠮᠵᠢ ᠶᠢ ᠲᠣᠬᠢᠷᠠᠭᠤᠯᠤᠭᠰᠠᠨ ᠪᠠ ᠠᠵᠢᠯᠯᠠᠭᠠᠨ ᠤ ᠪᠠᠶᠢᠳᠠᠯ᠂ ᠢᠳᠡᠭᠡᠨ ᠤᠮᠳᠠᠭᠠᠨ ᠤ ᠪᠠᠭᠠᠵᠢ ᠬᠡᠷᠡᠭᠰᠡᠯ ᠢ ᠤᠬᠢᠶᠠᠵᠤ ᠠᠷᠢᠭᠤᠳᠬᠠᠬᠤ ᠠᠷᠭ᠎ᠠ᠂ ᠴᠤᠪᠤᠷᠠᠯ ᠵᠡᠷᠭᠡ ᠨᠢ ᠵᠢᠷᠤᠮᠵᠢᠭᠰᠠᠨ ᠱᠠᠭᠠᠷᠳᠠᠯᠭ᠎ᠠ ᠳᠤ ᠨᠡᠶᠢᠴᠡᠬᠦ ᠡᠰᠡᠬᠦ᠂ ᠠᠷᠢᠭᠤᠳᠬᠠᠬᠤ ᠬᠥᠮᠦᠰ ᠤᠨ ᠡᠷᠡᠭᠦᠯ ᠬᠠᠮᠠᠭᠠᠯᠠᠯ ᠤᠨ ᠮᠡᠳᠡᠯᠭᠡ ᠶᠢᠨ ᠪᠣᠯᠪᠠᠰᠤᠷᠠᠭᠤᠯᠤᠯ ᠤᠨ ᠪᠠᠶᠢᠳᠠᠯ ᠵᠢᠴᠢ ᠢᠳᠡᠭᠡᠨ ᠤᠮᠳᠠᠭᠠᠨ ᠤ ᠪᠠᠭᠠᠵᠢ ᠬᠡᠷᠡᠭᠰᠡᠯ ᠢ ᠠᠷᠢᠭᠤᠳᠬᠠᠭᠰᠠᠨ ᠦᠷ᠎ᠡ ᠪᠦᠲᠦᠮᠵᠢ ᠵᠡᠷᠭᠡ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠪᠠ᠃ ᠢᠯᠠᠩᠭᠤᠶ᠎ᠠ ᠲᠣᠮᠣ ᠳᠤᠮᠳᠠ ᠵᠢᠵᠢᠭ ᠬᠡᠯᠪᠡᠷᠢ ᠶᠢᠨ ᠡᠯ᠎ᠡ ᠲᠥᠷᠥᠯ ᠤᠨ ᠢᠳᠡᠭᠡᠨ ᠤᠮᠳᠠᠭᠠᠨ ᠤ ᠬᠡᠷᠡᠭᠰᠡᠯ ᠢ ᠤᠬᠢᠶᠠᠵᠤ ᠠᠷᠢᠭᠤᠳᠬᠠᠬᠤ ᠵᠢᠴᠢ ᠠᠷᠢᠭᠤᠨ ᠴᠡᠪᠡᠷ ᠪᠠᠶᠢᠯᠭᠠᠬᠤ  ᠲᠦᠬᠦᠭᠡᠷᠦᠮᠵᠢ ᠳᠣᠭᠢᠷᠠᠭᠤᠯᠬᠤ᠂ ᠠᠵᠢᠯᠯᠠᠬᠤ ᠶᠠᠪᠤᠴᠠ ᠵᠡᠷᠭᠡ ᠲᠠᠯ᠎ᠠ ᠪᠠᠷ ᠲᠣᠭᠲᠠᠭᠠᠯ ᠳᠤ ᠨᠡᠶᠢᠴᠡᠬᠦ ᠡᠰᠡᠬᠦ ᠶᠢ ᠴᠢᠩᠭ᠎ᠠ ᠵᠢᠭᠰᠠᠭᠠᠨ ᠪᠠᠶᠢᠴᠠᠭᠠᠵᠤ᠂ ᠢᠳᠡᠭᠡᠨ ᠤᠮᠳᠠᠭᠠᠨ ᠤ ᠪᠠᠭᠠᠵᠢ ᠬᠡᠷᠡᠭᠰᠡᠯ ᠢ ᠤᠬᠢᠶᠠᠬᠤ᠂ ᠠᠷᠢᠭᠤᠳᠬᠠᠬᠤ᠂ ᠠᠷᠢᠭᠤᠨ ᠴᠡᠪᠡᠷ ᠪᠠᠶᠢᠯᠭᠠᠬᠤ ᠵᠡᠷᠭᠡ ᠡᠯ᠎ᠡ ᠵᠦᠢᠯ ᠤᠨ ᠠᠷᠢᠭᠤᠨ ᠴᠡᠪᠡᠷ ᠤᠨ ᠠᠷᠭ᠎ᠠ ᠬᠡᠮᠵᠢᠶ᠎ᠡ ᠶᠢ ᠪᠣᠳᠠᠲᠠᠶ ᠪᠠᠷ ᠨᠠᠶᠢᠳᠠᠪᠤᠷᠢᠵᠢᠭᠤᠯᠬᠤ ᠶᠢ ᠪᠠᠲᠤᠯᠠᠪᠠ︔ ᠢᠳᠡᠭᠡᠨ ᠤᠮᠳᠠᠭᠠᠨ ᠤ ᠪᠠᠭᠠᠵᠢ ᠬᠡᠷᠡᠭᠰᠡᠯ ᠢ ᠳᠣᠭᠢᠷᠠᠭᠤᠯᠤᠨ ᠬᠦᠷᠭᠡᠵᠦ ᠪᠠᠶᠢᠭ᠎ᠠ ᠢᠳᠡᠭᠡᠨ ᠤᠮᠳᠠᠭᠠᠨ ᠤ ᠭᠤᠤᠯ ᠴᠣᠭᠴᠠ ᠶᠢ ᠢᠳᠡᠭᠡᠨ ᠤᠮᠳᠠᠭᠠᠨ ᠤ ᠪᠠᠭᠠᠵᠢ ᠬᠡᠷᠡᠭᠰᠡᠯ ᠢ ᠬᠤᠳᠠᠯᠳᠤᠨ ᠠᠪᠬᠤ ᠪᠠ  ᠬᠡᠷᠡᠭᠯᠡᠬᠦ ᠭᠡᠷᠡᠴᠢ ᠪᠠᠷᠢᠮᠲᠠ ᠠᠪᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠱᠠᠭᠠᠷᠳᠠᠪᠠ᠃    ᠣᠳᠣᠬᠠᠨ ᠪᠣᠯᠲᠠᠯ᠎ᠠ᠂ ᠲᠣᠰ ᠤᠳᠠᠭᠠᠨ ᠤ ᠠᠵᠢᠯᠯᠠᠭ᠎ᠠ ᠳᠤ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ᠬᠤᠭᠤᠯᠠᠨ ᠬᠡᠷ 42 ᠡᠷᠦᠬᠡ᠂ ᠢᠳᠡᠭᠡᠨ ᠤᠮᠳᠠᠭᠠᠨ ᠤ ᠪᠠᠭᠠᠵᠢ ᠬᠡᠷᠡᠭᠰᠡᠯ ᠢ ᠬᠡᠷᠡᠭᠯᠡᠨ ᠡᠵᠡᠩᠨᠡᠬᠦ ᠭᠤᠤᠯ ᠴᠣᠭᠴᠠ ᠶᠢ 124 ᠡᠷᠦᠬᠡ ᠪᠠᠶᠢᠴᠠᠭᠠᠵᠤ᠂ ᠬᠠᠤᠯᠢ ᠬᠡᠷᠡᠭᠵᠢᠭᠦᠯᠬᠦ ᠠᠵᠢᠯᠲᠠᠨ ᠢ 422 ᠬᠥᠮᠦᠨ ᠤᠳᠠᠭ᠎ᠠ ᠬᠥᠳᠡᠯᠭᠡᠪᠡ᠃ ᠪᠠᠶᠢᠴᠠᠭᠠᠵᠤ ᠭᠠᠷᠭᠠᠭᠰᠠᠨ ᠠᠰᠠᠭᠤᠳᠠᠯ ᠳᠤ ᠴᠢᠭᠯᠡᠭᠦᠯᠦᠨ᠂ ᠠᠤᠬᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠪᠣᠯᠤᠨ ︽ᠢᠳᠡᠭᠡᠨ ᠤᠮᠳᠠᠭᠠᠨ ᠤ ᠦᠢᠯᠡᠴᠢᠯᠡᠭᠡᠨ ᠤ ᠢᠳᠡᠭᠡᠨ ᠤ ᠠᠮᠤᠷ ᠲᠦᠪᠰᠢᠨ ᠤ ᠠᠵᠢᠯᠯᠠᠭᠠᠨ ᠤ ᠵᠢᠷᠤᠮᠵᠢᠯ︾ ᠤᠨ ᠶᠣᠰᠣᠭᠠᠷ ᠢᠳᠡᠭᠡᠨ ᠤᠮᠳᠠᠭᠠᠨ ᠤ ᠬᠡᠷᠡᠭᠰᠡᠯ ᠢ ᠤᠬᠢᠶᠠᠵᠤ ᠠᠷᠢᠯᠭᠠᠬᠤ ᠶᠢᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠴᠢᠩᠭ᠎ᠠ ᠵᠢᠷᠤᠮᠯᠠᠨ᠂ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠶᠢ ᠬᠡᠷᠡᠭᠯᠡᠨ ᠢᠳᠡᠭᠡᠨ ᠤᠮᠳᠠᠭᠠᠨ ᠤ ᠬᠡᠷᠡᠭᠰᠡᠯ ᠢ ᠰᠤᠭᠤᠴᠢᠨ ᠪᠠᠶᠢᠴᠠᠭᠠᠬᠤ ᠵᠡᠷᠭᠡ ᠬᠢᠨᠠᠨ ᠬᠠᠮᠢᠶᠠᠷᠬᠤ ᠠᠷᠭ᠎ᠠ ᠪᠠᠷᠢᠯ ᠢ ᠴᠢᠩᠭᠠᠷᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠨ᠂ ᠢᠳᠡᠭᠡᠨ ᠤᠮᠳᠠᠭᠠᠨ ᠤ ᠨᠢᠭᠡᠴᠡ ᠶᠢ  ᠱᠠᠯᠠᠪᠳᠠᠭᠤᠯᠵᠤ ᠪᠠᠶᠢᠭᠠᠳ ᠬᠠᠨᠳᠤᠯᠭᠠᠲᠤ ᠴᠢᠨᠠᠷ ᠪᠠ ᠠᠵᠢᠯᠯᠠᠭᠠᠨ ᠤ ᠴᠢᠨᠠᠷᠲᠠᠶ ᠠᠵᠢᠯ ᠤᠨ ᠠᠷᠭ᠎ᠠ ᠬᠡᠮᠵᠢᠶ᠎ᠡ ᠶᠢ ᠲᠣᠭᠲᠠᠭᠠᠵᠤ᠂ ᠥᠪᠡᠰᠦᠪᠡᠨ ᠪᠠᠶᠢᠴᠠᠭᠠᠬᠤ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠣᠯᠵᠤ ᠮᠡᠳᠡᠭᠰᠡᠨ ᠢᠳᠡᠭᠡᠨ ᠤᠮᠳᠠᠭᠠᠨ ᠤ ᠬᠡᠷᠡᠭᠰᠡᠯ ᠢ ᠤᠬᠢᠶᠠᠵᠤ ᠠᠷᠢᠭᠤᠳᠬᠠᠬᠤ ᠠᠰᠠᠭᠤᠳᠠᠯ ᠤᠨ ᠳᠠᠯᠳᠠ ᠬᠡᠮ ᠢ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠡᠵᠡᠮᠳᠡᠪᠡ︔ ᠨᠥᠭᠦᠭᠡ ᠲᠠᠯ᠎ᠠ ᠪᠠᠷ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠬᠠᠮᠲᠤ ᠬᠢᠨᠠᠨ ᠪᠠᠶᠢᠴᠠᠭᠠᠵᠤ ᠲᠡᠮᠳᠡᠭᠯᠡᠬᠦ ᠶᠢ ᠰᠠᠶᠢᠲᠤᠷ ᠬᠢᠵᠦ᠂ ᠢᠳᠡᠭᠡᠨ ᠤᠮᠳᠠᠭᠠᠨ ᠤ ᠨᠢᠭᠡᠴᠡ ᠶᠢᠨ ᠢᠳᠡᠭᠡᠨ ᠤᠮᠳᠠᠭᠠᠨ ᠤ ᠬᠡᠷᠡᠭᠰᠡᠯ ᠢ ᠤᠬᠢᠶᠠᠵᠤ ᠠᠷᠢᠭᠤᠳᠬᠠᠬᠤ ᠶᠢᠨ ᠠᠰᠠᠭᠤᠳᠠᠯ ᠤᠨ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠮᠥᠷᠳᠡᠨ ᠳᠠᠬᠢᠨ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠬᠤ ᠶᠢ ᠦᠨᠡᠨᠬᠦ  ᠪᠠᠲᠤᠯᠠᠪᠠ᠃    ᠲᠠᠷᠠᠭᠠᠴᠢ ᠶᠢᠨ ᠠᠯᠬᠤᠮ ᠳᠤ᠂ ᠠᠤᠬᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠶᠠᠲᠤ ᠣᠷᠣᠨ ᠤ ᠢᠳᠡᠭᠡᠨ ᠤᠮᠳᠠᠭᠠᠨ ᠤ ᠨᠢᠭᠡᠴᠡ ᠶᠢᠨ ᠢᠳᠡᠭᠡᠨ ᠤᠮᠳᠠᠭᠠᠨ ᠤ ᠬᠡᠷᠡᠭᠰᠡᠯ ᠢ ᠤᠬᠢᠶᠠᠵᠤ ᠠᠷᠢᠭᠤᠳᠬᠠᠬᠤ᠂ ᠠᠷᠢᠭᠤᠨ ᠴᠡᠪᠡᠷ ᠢ ᠬᠠᠮᠠᠭᠠᠯᠠᠬᠤ ᠲᠤᠰᠬᠠᠶ ᠴᠡᠭᠴᠡᠯᠡᠨ ᠵᠠᠰᠠᠬᠤ ᠪᠠᠶᠢᠳᠠᠯ ᠢ ᠬᠢᠨᠠᠨ ᠵᠢᠯᠣᠭᠤᠳᠴᠤ ᠰᠢᠯᠭᠠᠨ ᠠᠪᠬᠤ ᠶᠢᠨ ᠬᠠᠮᠲᠤ ᠢᠳᠡᠭᠡᠨ ᠤᠮᠳᠠᠭᠠᠨ ᠤ ᠦᠢᠯᠡᠴᠢᠯᠡᠭᠡᠨ ᠤ ᠢᠳᠡᠭᠡᠨ ᠤ ᠠᠮᠤᠷ ᠲᠦᠪᠰᠢᠨ ᠢ ᠬᠡᠮᠵᠢᠶᠡᠵᠢᠭᠦᠯᠦᠨ ᠲᠠᠰ ᠬᠤᠪᠢᠶᠠᠬᠤ ᠠᠵᠢᠯ ᠲᠠᠢ ᠤᠶᠠᠯᠳᠤᠭᠤᠯᠤᠨ᠂ ᠨᠢᠭᠡ ᠪᠦᠯᠦᠭ ᠰᠠᠨᠠᠭ᠎ᠠ ᠠᠮᠤᠷ ᠬᠡᠷᠡᠭᠯᠡᠭᠡ ᠶᠢᠨ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢ ᠪᠣᠶ ᠪᠣᠯᠭᠠᠨ᠎ᠠ︔ ᠡᠭᠦᠨ ᠤ ᠬᠠᠮᠲᠤ ᠥᠷᠭᠡᠨ ᠣᠯᠠᠨ ᠬᠡᠷᠡᠭᠯᠡᠭᠴᠢᠳ ᠤᠨ ᠣᠯᠠᠨ ᠨᠡᠶᠢᠲᠡ ᠶᠢᠨ ᠢᠳᠡᠭᠡᠨ ᠤᠮᠳᠠᠭᠠᠨ ᠤ ᠲᠠᠯᠠᠪᠤᠷ ᠲᠤ ᠢᠳᠡᠭᠡᠨ ᠤᠮᠳᠠᠭᠠᠨ ᠤ ᠪᠠᠭᠠᠵᠢ ᠬᠡᠷᠡᠭᠰᠡᠯ ᠤᠨ ᠠᠷᠢᠭᠤᠨ ᠴᠡᠪᠡᠷ ᠪᠤᠰᠤ ᠠᠷᠢᠭᠤᠳᠬᠠᠭᠰᠠᠨ ᠥᠬᠡᠶ ᠵᠡᠷᠭᠡ ᠠᠰᠠᠭᠤᠳᠠᠯ ᠤᠨ ᠲᠤᠬᠠᠶ 12345᠂ 12315 ᠵᠡᠷᠭᠡ ᠲᠠᠪᠴᠠᠩ ᠢᠶᠠᠷ ᠳᠡᠮᠵᠢᠨ ᠵᠠᠭᠠᠯᠳᠤᠯᠭ᠎ᠠ ᠬᠢᠵᠦ᠂ ᠠᠮᠤᠷ ᠲᠦᠪᠰᠢᠨ᠂ ᠰᠠᠨᠠᠭ᠎ᠠ ᠠᠮᠤᠷ ᠬᠤᠭᠤᠯᠠ ᠢᠳᠡᠬᠦ ᠣᠷᠴᠢᠨ ᠲᠣᠭᠤᠷᠢᠨ ᠢ ᠬᠦᠴᠦ ᠪᠠᠨ ᠬᠠᠮᠲᠤᠳᠬᠠᠨ ᠬᠠᠮᠲᠤ ᠪᠠᠷ ᠵᠠᠰᠠᠬᠤ ᠶᠢ ᠵᠣᠷᠢᠭᠵᠢᠭᠤᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号