| 11 ᠰᠠᠷ᠎ᠠ ᠶᠢᠨ 11 ᠤ ᠡᠳᠦᠷ᠂ ᠬᠤᠰᠢᠭᠤᠨ ᠤ ᠵᠠᠰᠠᠭ ᠤᠨ ᠣᠷᠳᠣᠨ ᠬᠢᠭᠡᠳ ᠾᠧᠪᠸᠢ ᠶᠢᠨ ᠰᠢᠶᠦ᠋ᠨ | ᠲᠢᠶᠠᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠲᠠᠷᠢᠶᠠᠯᠠᠩ ᠮᠠᠯ ᠠᠵᠤ | ᠠᠬᠤᠢ ᠶᠢᠨ ᠨᠠᠷᠢᠯᠢᠭ ᠪᠣᠯᠪᠠᠰᠤᠷᠠᠭᠤᠯᠬᠤ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠤᠨ ᠭᠡᠷ᠎ᠡ ᠲᠣᠭᠲᠠᠬᠤ ᠶᠣᠰᠣᠯᠠᠯ ᠬᠤᠰᠢᠭᠤᠨ ᠤ ᠬᠤᠷᠠᠯ ᠤᠨ ᠲᠥᠪ ᠲᠤ ᠶᠠᠪᠤᠭᠳᠠᠪᠠ᠃ | ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠤ ᠵᠠᠰᠠᠭ ᠤᠨ ᠣᠷᠳᠣᠨ ᠤ ᠳᠠᠷᠤᠭ᠎ᠠ ᠮᠠ ᠯᠢ | ᠬᠤᠸᠠ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠵᠠᠰᠠᠭ ᠤᠨ ᠣᠷᠳᠣᠨ ᠤ | ᠳᠡᠳ᠋ ᠳᠠᠷᠤᠭ᠎ᠠ ᠵᠠᠩ ᠢ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ | ᠵᠠᠰᠠᠭ ᠤᠨ ᠣᠷᠳᠣᠨ ᠤ ᠳᠡᠳ᠋ ᠳᠠᠷᠤᠭ᠎ᠠ ᠭᠦᠸᠧ ᠰᠢᠶᠤᠤ ᠴᠢᠶᠤᠤ᠂ ᠬᠤᠰᠢᠭᠤᠨ ᠤ ᠵᠠᠰᠠᠭ ᠤᠨ ᠣᠷᠳᠣᠨ ᠤ ᠳᠡᠳ᠋ | ᠳᠠᠷᠤᠭ᠎ᠠ ᠵᠢᠶ ᠰᠢᠤᠢ ᠳ᠋ᠦᠩ᠂ ᠾᠧᠪᠧᠶ ᠶᠢᠨ ᠰᠢᠶᠦ᠋ᠨ ᠲᠢᠶᠠᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠪᠥᠭᠡᠳ ᠶᠡᠷᠦᠩᠬᠡᠶ ᠳᠠᠭᠠᠭᠠᠮᠠᠯ ᠸᠧᠨ ᠵᠢᠶᠦ᠋ᠨ ᠭᠠᠷ ᠤᠨ | ᠥᠰᠥᠭ ᠵᠢᠷᠤᠬᠤ ᠶᠣᠰᠣᠯᠠᠯ ᠳᠤ ᠣᠷᠣᠯᠴᠠᠵᠤ᠂ ᠬᠠᠮᠢᠶ᠎ᠠ ᠪᠥᠬᠦᠶ ᠭᠠᠵᠠᠷ ᠣᠷᠣᠨ᠂ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠶᠣᠰᠣᠯᠠᠯ ᠳᠤ ᠣᠷᠣᠯᠴᠠᠵᠠᠶ᠃ | | | | ᠮᠠ ᠯᠢ ᠬᠤᠸᠠ ᠶᠣᠰᠣᠯᠠᠯ ᠳᠡᠭᠡᠷ᠎ᠡ᠂ ᠲᠠᠷᠢᠶᠠᠯᠠᠩ ᠮᠠᠯ ᠠᠵᠤ ᠠᠬᠤᠶ ᠶᠢᠨ ᠨᠠᠷᠢᠯᠢᠭ ᠪᠣᠯᠪᠠᠰᠤᠷᠠᠭᠤᠯᠬᠤ ᠠᠵᠤ | ᠦᠢᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠡᠷ᠎ᠡ ᠲᠣᠭᠲᠠᠭᠰᠠᠨ ᠨᠢ | ᠠᠤᠬᠠᠨ ᠬᠤᠰᠢᠭᠤᠨ ᠤ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ᠂ ᠲᠠᠷᠢᠶᠠᠴᠢᠳ ᠤᠨ ᠣᠷᠣᠯᠭ᠎ᠠ ᠶᠢ | ᠨᠡᠮᠡᠭᠳᠡᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠴᠢᠬᠤᠯᠠ ᠠᠴᠢ | ᠬᠤᠯᠪᠣᠭᠳᠠᠯ ᠲᠠᠢ ᠶᠤᠮ᠃ ᠬᠤᠰᠢᠭᠤᠨ ᠤ ᠵᠠᠰᠠᠭ ᠤᠨ ᠣᠷᠳᠣᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ | ᠪᠦᠬᠦ ᠬᠦᠴᠦᠨ ᠢᠶᠠᠷ ᠢᠶᠠᠨ ᠳᠡᠮᠵᠢᠵᠦ᠂ ᠠᠵᠤ ᠠᠬᠤᠶᠢᠯᠠᠯ ᠳᠤ ᠴᠢᠨᠠᠷ ᠰᠠᠶᠢᠲᠠᠢ ᠦᠢᠯᠡᠴᠢᠯᠡᠭᠡ ᠪᠠ ᠰᠠᠶᠢᠨ ᠰᠠᠶᠢᠬᠠᠨ | ᠬᠥᠭᠵᠢᠯᠲᠡ ᠶᠢᠨ ᠣᠷᠴᠢᠨ ᠲᠣᠭᠤᠷᠢᠨ ᠢ ᠬᠠᠩᠭᠠᠨ᠎ᠠ ᠭᠡᠵᠦ ᠵᠢᠭᠠᠨ ᠭᠠᠷᠭᠠᠪᠠ᠃ | | | | | ᠸᠧᠨ ᠵᠢᠶᠦ᠋ᠨ ᠠᠴᠠ ᠂ ᠾᠧᠪᠸᠢ ᠶᠢᠨ ᠰᠢᠶᠦ᠋ᠨ ᠲᠢᠶᠠᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ ᠲᠤᠰ ᠪᠡᠶ᠎ᠡ ᠶᠢᠨ ᠮᠡᠷᠭᠡᠵᠢᠯ᠂ ᠪᠡᠯᠡ ᠮᠥᠩᠭᠦ ᠪᠣᠯᠤᠨ ᠵᠠᠬ᠎ᠠ ᠳᠡᠯᠭᠡᠭᠦᠷ ᠤᠨ ᠳᠠᠪᠠᠭᠤᠯᠢᠭ ᠢᠶᠠᠨ | ᠭᠦᠢᠴᠡᠳ ᠪᠠᠳᠠᠷᠠᠭᠤᠯᠵᠤ᠂ ᠲᠥᠷᠥᠯ ᠵᠦᠢᠯ ᠤᠨ ᠪᠦᠳᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ᠂ ᠴᠢᠨᠠᠷ | ᠰᠠᠶᠢᠲᠠᠢ ᠠᠬᠢᠭᠤᠯᠵᠤ᠂ ᠠᠤᠬᠠᠨ ᠬᠤᠰᠢᠭᠤᠨ ᠤ ᠠᠵᠤ ᠠᠬᠤᠢ ᠶᠢᠨ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ | ᠦᠵᠡᠭᠦᠯᠦᠨ᠎ᠡ ᠭᠡᠵᠦ ᠢᠯᠡᠷᠬᠡᠶᠢᠯᠡᠪᠡ᠃ | ᠶᠣᠰᠣᠯᠠᠯ ᠳᠡᠭᠡᠷ᠎ᠡ᠂ ᠮᠠ ᠯᠢ ᠬᠤᠸᠠ ᠸᠧᠨ ᠵᠢᠶᠦ᠋ᠨ ᠲᠠᠢ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ | ᠦᠰᠦᠭ ᠵᠢᠷᠤᠪᠠ ᠃ ᠭᠡᠷ᠎ᠡ ᠲᠣᠭᠲᠠᠬᠤ ᠶᠣᠰᠣᠯᠠᠯ ᠢ ᠠᠮᠵᠢᠯᠲᠠ ᠲᠠᠢ ᠶᠠᠪᠤᠭᠳᠠᠭᠤᠯᠤᠭᠰᠠᠨ ᠨᠢ ᠲᠠᠷᠢᠶᠠᠯᠠᠩ ᠮᠠᠯ | ᠠᠵᠤ ᠠᠬᠤᠢ ᠶᠢᠨ ᠨᠠᠷᠢᠯᠢᠭ ᠪᠣᠯᠪᠠᠰᠤᠷᠠᠭᠤᠯᠬᠤ ᠠᠵᠤ ᠦᠢᠯᠡᠰ ᠤᠨ ᠬᠦᠷᠢᠶᠡᠯᠡᠩ ᠤᠨ ᠪᠦᠳᠦᠭᠡᠨ | ᠪᠠᠶᠢᠭᠤᠯᠤᠯᠲᠠ ᠶᠢᠨ ᠲᠦᠷᠦᠯ ᠵᠦᠢᠯ ᠢ ᠤᠷᠤᠭᠰᠢᠲᠠᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ | ᠃ |