| ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠳᠥᠭᠦᠮᠴᠢᠯᠡᠬᠦ᠂ ᠲᠥᠪᠯᠡᠷᠡᠭᠦᠯᠬᠦ᠂ ᠪᠠᠷᠢᠮᠵᠢᠶᠠᠵᠢᠭᠤᠯᠬᠤ | ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠬᠤ ᠶᠢᠨ ᠲᠥᠯᠥᠭᠡ᠂ ᠰᠧ ᠵᠢᠶᠠ ᠽᠢ ᠪᠠᠯᠭᠠᠰᠤᠨ ᠤ ᠠᠷᠠᠳ ᠲᠤ | ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠨᠢ ᠴᠣᠩᠬᠤᠪᠴᠢ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠬᠦ | ᠪᠠ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠲᠠᠯ᠎ᠠ ᠪᠠᠷ ᠬᠤᠤᠰ ᠴᠢᠭᠯᠡᠯ ᠢᠶᠠᠷ ᠬᠦᠴᠦᠯᠡᠵᠦ᠂ | ᠣᠷᠣᠨ ᠵᠠᠶ ᠶᠢᠨ ᠡᠬᠢ ᠪᠠᠶᠠᠯᠢᠭ ᠢ ᠬᠠᠮᠤᠭ ᠤᠨ ᠶᠡᠭᠡ ᠬᠡᠮᠵᠢᠶ᠎ᠡ ᠪᠠᠷ ᠠᠰᠢᠭᠯᠠᠨ᠂ ᠴᠣᠩᠬᠤᠪᠴᠢ ᠶᠢᠨ | ᠦᠢᠯᠡᠴᠢᠯᠡᠭᠡᠨ ᠤ ᠴᠢᠳᠠᠮᠵᠢ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ | ᠴᠢᠳᠠᠪᠤᠷᠢ ᠶᠢ ᠳᠡᠭᠡᠭᠰᠢᠯᠡᠭᠦᠯᠦᠨ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠨᠠᠩ ᠳᠥᠭᠦᠮ ᠳᠥᠲᠡ᠂ | ᠨᠠᠩ ᠥᠨᠳᠥᠷ ᠪᠦᠲᠦᠮᠵᠢᠲᠡᠶ᠂ ᠨᠠᠩ ᠰᠠᠨᠠᠭ᠎ᠠ ᠠᠮᠤᠷ᠂ ᠨᠠᠩ ᠲᠠᠭᠠᠯᠠᠮᠵᠢᠲᠠᠶ ᠪᠣᠯᠭᠠᠪᠠ᠃ | ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡ ᠬᠠᠩᠭᠠᠨ᠎ᠠ᠃ | ᠰᠧ ᠵᠢᠶᠠ ᠽᠢ ᠪᠠᠯᠭᠠᠰᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠢ ᠲᠠᠰ ᠳᠡᠪᠰᠢᠭᠦᠯᠦᠨ | ᠥᠭᠡᠷᠡᠴᠢᠯᠡᠵᠦ᠂ ᠦᠢᠯᠡᠴᠢᠯᠡᠭᠡ ᠶᠢ ᠨᠠᠩ ᠨᠠᠷᠢᠯᠢᠬᠵᠢᠭᠤᠯᠬᠤ᠂ ᠲᠤᠰᠬᠠᠶᠢᠵᠢᠭᠤᠯᠬᠤ ᠶᠢ ᠠᠬᠢᠭᠤᠯᠪᠠ︔ ᠱᠠᠹᠠ᠂ | ᠤᠤᠭᠤᠬᠤ ᠤᠰᠤᠨ ᠤ ᠮᠠᠰᠢᠨ ᠵᠡᠷᠭᠡ ᠬᠠᠲᠠᠭᠤ ᠬᠡᠷᠡᠭᠰᠡᠯ ᠤᠨ ᠦᠢᠯᠡᠴᠢᠯᠡᠭᠡᠨ ᠤ ᠲᠥᠬᠦᠭᠡᠷᠦᠮᠵᠢ ᠶᠢ ᠪᠦᠷᠢᠨ | ᠭᠦᠢᠴᠡᠳ ᠪᠠᠶᠢᠯᠭᠠᠵᠤ᠂ ᠠᠷᠠᠳ ᠲᠤ ᠨᠠᠩ ᠳᠥᠭᠦᠮ ᠦᠵᠡᠭᠦᠯᠬᠦ᠂ ᠰᠡᠳᠬᠢᠯ ᠵᠢᠷᠦᠬᠡ ᠪᠠᠨ ᠬᠤᠯᠪᠣᠬᠤ | ᠦᠢᠯᠡᠴᠢᠯᠡᠭᠡ ᠶᠢ ᠪᠣᠶ ᠪᠣᠯᠭᠠᠪᠠ︔ ᠨᠠᠰᠤᠲᠠᠨ᠂ ᠪᠠᠭᠤᠷᠠᠶ᠂ ᠡᠪᠡᠳᠴᠢᠨ᠂ ᠵᠡᠮᠳᠡᠭ ᠵᠡᠷᠭᠡ ᠬᠥᠮᠦᠰ ᠲᠤ ᠴᠢᠭᠯᠡᠭᠦᠯᠦᠨ | ᠣᠷᠣᠯᠠᠨ ᠭᠦᠢᠴᠡᠳᠬᠡᠬᠦ᠂ ᠬᠠᠪᠰᠤᠷᠤᠨ ᠭᠦᠢᠴᠡᠳᠬᠡᠬᠦ ᠪᠠ ᠬᠡᠷ ᠲᠤᠨᠢ ᠬᠦᠷᠴᠦ ᠲᠤᠰᠬᠠᠶᠢᠯᠠᠨ ᠭᠦᠢᠴᠡᠳᠬᠡᠬᠦ | ᠦᠢᠯᠡᠴᠢᠯᠡᠭᠡ ᠬᠠᠩᠭᠠᠵᠤ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠶᠢ ᠲᠡᠷᠡ ᠳᠠᠷᠤᠶ ᠳᠤᠨᠢ | ᠬᠡᠷᠡᠭᠵᠢᠭᠦᠯᠵᠦ᠂ ︽ᠨᠢᠭᠡ ᠯᠡ ᠤᠳᠠᠭ᠎ᠠ ᠭᠦᠶᠦᠬᠦ︾ ᠠᠴᠠ ︽ᠦᠯᠦ ᠭᠦᠶᠦᠯᠭᠡᠬᠦ︾ ᠪᠣᠯᠲᠠᠯ᠎ᠠ ᠪᠡᠶᠡᠯᠡᠭᠦᠯᠦᠨ᠎ᠡ᠃ | ᠣᠯᠠᠨ ᠲᠦᠮᠡᠨ ᠤ ᠲᠤᠬᠠᠶᠢᠯᠠᠭᠰᠠᠨ ᠠᠵᠢᠯ ᠢ ᠭᠦᠢᠴᠡᠳᠬᠡᠬᠦ ᠶᠢ ᠬᠦᠯᠢᠶᠡᠬᠦ ᠬᠤᠭᠤᠴᠠᠭᠠᠨ ᠳᠤ ᠳᠥᠭᠦᠮ ᠳᠥᠲᠡ | ᠲᠠᠭᠠᠯᠠᠮᠵᠢᠲᠠᠶ ᠦᠢᠯᠡᠴᠢᠯᠡᠭᠡᠨ ᠤ ᠣᠷᠴᠢᠨ ᠲᠣᠭᠤᠷᠢᠨ ᠢ ᠬᠠᠩᠭᠠᠨ᠎ᠠ᠃ | ᠴᠣᠩᠬᠤᠪᠴᠢ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠠᠷᠠᠳ ᠲᠤ ᠲᠥᠬᠦᠮ ᠦᠵᠡᠭᠦᠯᠵᠦ ᠠᠵᠤ | ᠠᠬᠤᠶᠢᠯᠠᠯ ᠳᠤ ᠠᠰᠢᠭ ᠬᠦᠷᠲᠡᠭᠡᠬᠦ ᠶᠢ ᠴᠢᠬᠤᠯᠠᠴᠢᠯᠠᠨ᠎ᠠ᠃ ᠲᠤᠬᠠᠶᠢᠯᠠᠭᠰᠠᠨ ᠠᠵᠢᠯ ᠤᠨ ᠬᠡᠮᠵᠢᠶ᠎ᠡ᠂ ᠳᠥᠭᠦᠮ | ᠳᠥᠲᠡ ᠬᠡᠮᠵᠢᠶ᠎ᠡ ᠠᠴᠠ ᠭᠠᠷᠳᠠᠵᠤ᠂ ᠠᠳᠠᠯᠢ ᠲᠥᠷᠥᠯ ᠤᠨ ᠲᠤᠬᠠᠶᠢᠯᠠᠭᠰᠠᠨ ᠠᠵᠢᠯ ᠪᠠ ᠬᠤᠯᠪᠣᠭᠳᠠᠬᠤ | ᠲᠤᠬᠠᠶᠢᠯᠠᠭᠰᠠᠨ ᠠᠵᠢᠯ ᠢ ᠪᠦᠲᠦᠮᠵᠢᠲᠡᠶ ᠨᠡᠶᠢᠯᠡᠭᠦᠯᠵᠦ᠂ ᠴᠢᠳᠠᠮᠵᠢ ᠶᠢᠨ ᠬᠡᠷᠡᠭᠴᠡᠭᠡ ᠱᠠᠭᠠᠷᠳᠠᠯᠭ᠎ᠠ ᠶᠣᠰᠣᠭᠠᠷ | ᠴᠣᠩᠬᠤᠪᠴᠢ ᠶᠢ ᠵᠦᠶ ᠵᠣᠬᠢᠰᠲᠠᠶ ᠪᠠᠶᠢᠷᠢᠯᠠᠭᠤᠯᠤᠨ᠎ᠠ᠃ ᠨᠢᠭᠡ ᠯᠡ ᠥᠷᠲᠡᠭᠡᠨ ᠤ ᠮᠠᠶ᠋ᠢᠭ ᠤᠨ ᠦᠢᠯᠡᠴᠢᠯᠡᠭᠡᠨ ᠤ | ᠲᠤᠰᠬᠠᠶ ᠲᠣᠭᠤᠷᠢᠭ᠂ ᠥᠷᠲᠡᠭᠡ ᠭᠠᠵᠠᠷ ᠤᠨ ᠬᠤᠭᠤᠷᠣᠨᠳᠣ ᠬᠠᠮᠲᠤᠷᠠᠨ ᠭᠦᠢᠴᠡᠳᠬᠡᠬᠦ ᠶᠢ ᠬᠡᠷᠡᠭᠵᠢᠭᠦᠯᠵᠦ᠂ | ᠤᠯᠠᠮᠵᠢᠯᠠᠯᠲᠤ ᠦᠢᠯᠡᠴᠢᠯᠡᠭᠡᠨ ᠤ ᠵᠠᠭᠪᠤᠷ ᠢ ᠡᠪᠳᠡᠵᠦ᠂ ᠨᠠᠩ ᠳᠥᠭᠦᠮ ᠳᠥᠲᠡ᠂ ᠨᠠᠩ ᠣᠨᠣᠪᠴᠢᠲᠠᠶ ᠪᠦᠬᠦᠨ ᠢ | ᠬᠠᠮᠤᠷᠬᠤ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃ | ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠦᠢᠯᠡᠴᠢᠯᠡᠭᠡᠨ ᠤ ᠦᠷ᠎ᠡ ᠪᠦᠲᠦᠮᠵᠢ ᠪᠠᠨ | ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠬᠦᠴᠢᠷᠲᠡᠶ᠂ | ᠲᠦᠭᠵᠢᠷᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠥᠪᠯᠡᠯᠭᠡ ᠥᠭᠴᠦ ᠬᠥᠲᠥᠯᠦᠨ ᠵᠢᠯᠣᠭᠤᠳᠬᠤ᠂ ᠬᠠᠪᠰᠤᠷᠤᠨ | ᠭᠦᠢᠴᠡᠳᠬᠡᠵᠦ ᠣᠷᠣᠯᠠᠨ ᠭᠦᠢᠴᠡᠳᠬᠡᠬᠦ ᠦᠢᠯᠡᠴᠢᠯᠡᠭᠡ ᠪᠠᠨ ᠴᠢᠩᠭᠠᠷᠠᠭᠤᠯᠤᠨ᠂ ︽ᠲᠥᠬᠦᠮ ᠵᠦᠢᠯᠡᠰ ᠢ ᠳᠠᠷᠤᠶ | ᠳᠤᠨᠢ ᠭᠦᠢᠴᠡᠳᠬᠡᠬᠦ᠂ ᠪᠤᠳᠤᠯᠢᠶᠠᠨᠲᠠᠶ ᠵᠦᠢᠯᠡᠰ ᠢ ᠪᠠᠷ᠎ᠠ ᠪᠣᠯᠵᠣ ᠭᠦᠢᠴᠡᠳᠬᠡᠬᠦ︾ ᠶᠢ ᠪᠡᠶᠡᠯᠡᠭᠦᠯᠵᠦ᠂ ᠲᠤᠰᠬᠠᠶ | ᠲᠣᠭᠤᠷᠢᠭ ᠤᠨ ᠵᠦᠢᠯᠡᠰ ᠢ ︽ᠵᠥᠷᠢᠶ᠎ᠡ ᠥᠬᠡᠶ ᠶᠡᠷᠦᠩᠬᠡᠶ ᠰᠠᠯᠠᠭᠠᠨ ᠳᠤ ᠭᠥᠯᠢᠶᠡᠨ ᠠᠪᠴᠤ ᠰᠢᠢᠳᠪᠦᠷᠢᠯᠡᠬᠦ︾ ᠶᠢ | ᠪᠡᠶᠡᠯᠡᠭᠦᠯᠦᠨ᠂ ᠬᠢᠨᠠᠨ ᠵᠥᠪᠰᠢᠶᠡᠷᠡᠬᠦ ᠭᠤᠭᠴᠤᠭ᠎ᠠ ᠶᠢ ᠤᠯᠠᠮ ᠨᠢᠭᠡ ᠠᠯᠬᠤᠮ ᠳᠥᠭᠦᠮᠴᠢᠯᠡᠵᠦ᠂ ᠬᠢᠨᠠᠨ | ᠵᠥᠪᠰᠢᠶᠡᠷᠡᠬᠦ ᠴᠤᠪᠤᠷᠠᠯ ᠢ ᠰᠢᠯᠢᠳᠡᠭᠵᠢᠭᠦᠯᠦᠨ᠂ ᠬᠢᠨᠠᠨ ᠵᠥᠪᠰᠢᠶᠡᠷᠡᠬᠦ ᠬᠤᠭᠤᠴᠠᠭ᠎ᠠ ᠶᠢ ᠪᠣᠭᠤᠨᠢᠰᠬᠠᠵᠤ᠂ ︽ᠨᠢᠭᠡ | ᠴᠣᠩᠬᠤᠪᠴᠢ︾ ᠪᠠᠷ ᠬᠢᠨᠠᠨ ᠵᠥᠪᠰᠢᠶᠡᠷᠡᠬᠦ᠂ ︽ᠨᠢᠭᠡ ᠴᠣᠩᠬᠤᠪᠴᠢ︾ ᠪᠠᠷ ᠭᠦᠢᠴᠡᠳᠬᠡᠵᠦ ᠳᠠᠭᠤᠰᠬᠠᠬᠤ ᠶᠢ | ᠪᠡᠶᠡᠯᠡᠭᠦᠯᠵᠦ᠂ ᠪᠢᠳᠡᠭᠦᠮᠵᠢᠯᠡᠨ ᠭᠦᠢᠴᠡᠳᠬᠡᠵᠦ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠳᠠᠷᠠᠭᠠᠴᠢ ᠶᠢᠨ ᠠᠯᠬᠤᠮ ᠳᠤ᠂ ᠰᠧ ᠵᠢᠶᠠ ᠽᠢ ᠪᠠᠯᠭᠠᠰᠤᠨ ᠤ ᠠᠷᠠᠳ ᠲᠤ ᠲᠦᠬᠦᠮ ᠦᠵᠡᠭᠦᠯᠬᠦ | ᠦᠢᠯᠡᠴᠢᠯᠡᠭᠡᠨ ᠤ ᠲᠥᠪ ᠤᠨ ᠬᠢᠨ ︽ᠨᠢᠭᠡ ᠶᠠᠪᠤᠳᠠᠯ︾ ᠤᠨ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠲᠡᠷᠢᠭᠦᠨ ᠤ ᠦᠢᠯᠡᠴᠢᠯᠡᠭᠡ ᠪᠠᠷ ᠠᠷᠠᠳ ᠤᠨ ᠰᠡᠳᠬᠢᠯ ᠢ ᠣᠯᠵᠤ᠂ ᠠᠷᠠᠳ ᠤᠨ ᠰᠠᠨᠠᠭ᠎ᠠ ᠶᠢ | ᠣᠯᠵᠤ᠂ ᠴᠠᠭ ᠢᠮᠠᠭᠲᠠ ᠲᠡᠮᠡᠴᠡᠯ ᠤᠨ ᠳᠦᠷᠰᠦ ᠪᠠᠶᠢᠳᠠᠯ ᠢᠶᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠠᠵᠢᠯ ᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠲᠣᠭᠠᠴᠢᠯᠠᠬᠤ᠂ ᠳᠥᠭᠦᠮᠴᠢᠯᠡᠬᠦ ᠶᠢ ᠠᠬᠢᠭᠤᠯᠤᠨ᠎ᠠ᠃ |