| ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ | ᠪᠠᠬᠢᠵᠢᠭᠦᠯᠵᠦ᠂ ᠨᠡᠭᠦᠯᠭᠡᠭᠰᠡᠨ ᠣᠯᠠᠨ ᠲᠦᠮᠡᠨ ᠤ ︽ ᠨᠡᠭᠦᠯᠭᠡᠬᠦ᠂ ᠳᠣᠭᠲᠠᠪᠤᠷᠢᠢᠵᠢᠭᠤᠯᠬᠤ᠂ ᠪᠠᠶᠠᠵᠢᠭᠤᠯᠬᠤ︾ | ᠶᠢ ᠦᠨᠡᠨ ᠬᠦ ᠪᠠᠲᠤᠯᠠᠬᠤ ᠶᠢᠨ ᠲᠥᠯᠥᠭᠡ᠂ ᠠᠣᠬᠠᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠣᠨᠳᠣᠤ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠭᠰᠡᠨ ᠤ ᠳᠠᠷᠠᠭᠠᠬᠢ ᠠᠵᠢᠯ ᠢ ᠨᠠᠷᠢᠨ ᠬᠢᠨᠠᠮᠠᠭᠠᠶ | ᠰᠠᠶᠢᠲᠤᠷ ᠬᠢᠵᠦ᠂ ᠲᠥᠪ ᠪᠠ ᠥᠪᠡᠷᠲᠡᠭᠡᠨ ᠵᠠᠰᠠᠬᠤ ᠣᠷᠣᠨ ᠤ ᠣᠨᠳᠣᠤ ᠭᠠᠵᠠᠷ ᠲᠤ ᠨᠡᠭᠦᠯᠭᠡᠨ ᠶᠠᠳᠠᠭᠤ ᠶᠢ | ᠲᠡᠳᠬᠦᠭᠰᠡᠨ ᠤ ᠳᠠᠷᠠᠭᠠᠬᠢ ᠲᠡᠳᠬᠦᠨ ᠳᠡᠮᠵᠢᠬᠦ ᠲᠥᠷᠥᠯ ᠵᠦᠢᠯ ᠢ ᠢᠳᠡᠪᠬᠢᠲᠡᠶ ᠲᠡᠮᠡᠴᠡᠨ ᠣᠯᠵᠤ᠂ ᠵᠠᠯᠭᠠᠮᠵᠢ ᠠᠵᠤ | ᠦᠢᠯᠡᠰ ᠢ ᠬᠥᠭᠵᠢᠭᠦᠯᠦᠨ᠂ ᠨᠡᠭᠦᠭᠰᠡᠨ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠵᠦ᠂ ᠰᠠᠭᠤᠷᠢ | ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠵᠦ᠂ ᠨᠡᠭᠦᠭᠰᠡᠨ ᠣᠯᠠᠨ ᠲᠦᠮᠡᠨ ᠤ ᠨᠡᠶᠢᠭᠡᠮ ᠲᠣᠭᠤᠷᠢᠭ ᠲᠤ | ᠠᠭᠤᠰᠤᠯᠴᠠᠭᠰᠠᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠪᠡ᠃ ᠡᠨᠡ ᠵᠢᠯ᠂ ᠪᠥᠬᠦ | ᠬᠤᠰᠢᠭᠤᠨ ᠤ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠣᠨᠳᠣᠤ ᠭᠠᠵᠠᠷ ᠲᠤ ᠨᠡᠭᠦᠯᠭᠡᠨ ᠶᠠᠳᠠᠭᠤ ᠶᠢ | ᠲᠡᠳᠬᠦᠭᠰᠡᠨ ᠤ ᠳᠠᠷᠠᠭᠠᠬᠢ ᠲᠡᠳᠬᠦᠨ ᠳᠡᠮᠵᠢᠬᠦ ᠪᠠᠯᠠ ᠮᠥᠩᠭᠦ ᠶᠢ 1950 ᠲᠦᠮᠡᠨ ᠲᠥᠭᠦᠷᠢᠭ ᠴᠢᠷᠮᠠᠶᠢᠨ ᠣᠯᠵᠤ᠂ | ᠰᠢᠨ ᠾᠦᠢ ᠪᠠᠯᠭᠠᠰᠤᠨ ᠤ ᠪᠸᠢ ᠴᠧᠩ ᠲᠥᠪᠬᠢᠨᠡᠭᠦᠯᠬᠦ ᠲᠣᠭᠤᠷᠢᠭ ᠤᠨ ᠪᠠᠷᠢᠮᠵᠢᠶᠠᠵᠢᠭᠰᠠᠨ ᠦᠢᠯᠡᠳᠪᠦᠷᠢ ᠶᠢᠨ ᠬᠡᠷ | ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠶᠢᠨ ᠴᠠᠩ ᠭᠧᠤ ᠯᠢᠶᠠᠩ ᠪᠠᠯᠭᠠᠰᠤᠨ ᠤ ᠱᠢ | ᠴᠢᠶᠣᠤ ᠽᠢ ᠲᠣᠰᠬᠤᠨ ᠤ ᠲᠥᠪᠬᠢᠨᠡᠭᠦᠯᠬᠦ ᠲᠣᠭᠤᠷᠢᠭ ᠤᠨ ᠵᠠᠮ ᠤᠨ ᠳ᠋ᠧᠩ ᠤᠨ ᠪᠥᠲᠥᠭᠡᠨ ᠪᠠᠶᠢᠭᠤᠯᠤᠯᠲᠠ ᠶᠢᠨ | ᠲᠥᠷᠥᠯ ᠵᠦᠢᠯ᠂ ᠰᠧ ᠳ᠋ᠤᠤ ᠸᠠᠨᠽᠢ ᠪᠠᠯᠭᠠᠰᠤᠨ ᠤ ᠾᠸᠢ ᠲᠤ ᠶᠢᠩᠽᠢ ᠲᠣᠰᠬᠤᠨ ᠤ ᠲᠥᠪᠬᠢᠨᠡᠭᠦᠯᠬᠦ | ᠲᠣᠭᠤᠷᠢᠭ ᠤᠨ ᠵᠠᠮ ᠤᠨ ᠮᠦᠷᠦ ᠶᠢ ᠬᠠᠲᠠᠭᠤᠷᠠᠭᠤᠯᠬᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠰᠢᠩ | ᠯᠦᠩ ᠸᠠ ᠪᠠᠯᠭᠠᠰᠤᠨ ᠤ ᠳ᠋ᠠ ᠳ᠋ᠢᠶᠠᠨᠽᠢ ᠶᠢᠨ ᠲᠥᠪᠬᠢᠨᠡᠭᠦᠯᠬᠦ ᠣᠷᠣᠨ ᠤ ᠭᠦᠢᠲᠡᠨ ᠫᠧᠩ ᠤᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠵᠡᠷᠭᠡ 5 ᠲᠥᠷᠥᠯ ᠵᠦᠢᠯ ᠢ ᠬᠡᠷᠡᠭᠵᠢᠭᠦᠯᠪᠡ᠃ | ᠣᠲᠣ ᠪᠣᠯᠲᠠᠯ᠎ᠠ᠂ 5 ᠲᠥᠷᠥᠯ ᠵᠦᠢᠯ ᠢ ᠴᠥᠮ ᠠᠵᠢᠯ ᠡᠬᠢᠯᠡᠭᠦᠯᠦᠨ ᠪᠥᠲᠥᠭᠡᠨ ᠪᠠᠶᠢᠭᠤᠯᠤᠭᠰᠠᠨ ᠪᠥᠭᠡᠳ | ᠳᠦᠷᠢ ᠲᠥᠷᠬᠦ ᠶᠢᠨ ᠠᠬᠢᠴᠠ ᠶᠢᠨ 80% ᠠᠴᠠ ᠳᠡᠭᠡᠭᠰᠢᠬᠢ ᠶᠢ ᠪᠡᠶᠡᠯᠡᠭᠦᠯᠵᠦ᠂ 1590 ᠲᠦᠮᠡᠨ ᠲᠥᠭᠦᠷᠢᠭ ᠤᠨ | ᠲᠥᠷᠥᠯ ᠵᠦᠢᠯ ᠤᠨ ᠪᠠᠯᠠ ᠮᠥᠩᠭᠦ ᠰᠠᠯᠭᠠᠨ ᠥᠭᠪᠡ᠃ ᠵᠢᠱᠢᠯᠲᠡ ᠪᠠᠷ 11 ᠰᠠᠷ᠎ᠠ ᠶᠢᠨ ᠰᠡᠭᠦᠯᠴᠢ ᠪᠠᠷ ᠪᠦᠬᠦᠨ ᠢ | ᠠᠵᠢᠯ ᠳᠠᠭᠤᠰᠬᠠᠵᠤ᠂ ᠪᠡᠯᠡ ᠮᠥᠩᠭᠦ ᠶᠢ ᠪᠦᠬᠦᠨ ᠢ ᠰᠠᠯᠭᠠᠨ ᠥᠭᠴᠦ ᠪᠣᠳᠠᠲᠠᠶᠢᠵᠢᠭᠤᠯᠤᠨ᠎ᠠ᠃ ᠲᠥᠷᠥᠯ ᠵᠦᠢᠯ ᠢ | ᠬᠡᠷᠡᠭᠵᠢᠭᠦᠯᠬᠦ ᠪᠠᠷ ᠳᠠᠮᠵᠢᠭᠤᠯᠤᠨ᠂ ᠲᠥᠪᠬᠢᠨᠡᠭᠦᠯᠬᠦ ᠣᠷᠣᠨ ᠳᠤ ᠨᠡᠭᠦᠭᠰᠡᠨ ᠣᠯᠠᠨ ᠲᠦᠮᠡᠨ ᠳᠤ 80 ᠰᠢᠬᠠᠮ ᠠᠵᠢᠯ | ᠣᠯᠭᠤᠬᠤ ᠵᠢᠴᠢ ᠬᠥᠳᠡᠯᠮᠦᠷᠢ ᠦᠢᠯᠡᠴᠢᠯᠡᠭᠡᠨ ᠤ ᠠᠵᠢᠯᠴᠢᠨ ᠬᠡᠷᠡᠭᠯᠡᠬᠦ ᠠᠵᠢᠯ ᠤᠨ ᠪᠠᠶᠢᠷᠢ ᠬᠠᠩᠭᠠᠵᠤ᠂ ᠬᠥᠮᠦᠨ | ᠳᠤᠮᠳᠠᠴᠢ ᠶᠢᠨ ᠵᠢᠯ ᠤᠨ ᠣᠷᠣᠯᠭ᠎ᠠ ᠶᠢ 2.5 ᠲᠦᠮᠡᠨ ᠲᠥᠭᠦᠷᠢᠭ ᠨᠡᠮᠡᠭᠳᠡᠭᠦᠯᠦᠨ᠎ᠡ᠃ ᠲᠥᠷᠥᠯ ᠵᠦᠢᠯ | ᠪᠠᠶᠢᠭᠤᠯᠤᠭᠳᠠᠭᠰᠠᠨ ᠤ ᠳᠠᠷᠠᠭ᠎ᠠ᠂ ᠵᠢᠯ ᠪᠦᠷᠢ 64.25 ᠲᠦᠮᠡᠨ ᠲᠥᠭᠦᠷᠢᠭ ᠤᠨ ᠠᠰᠢᠭ ᠣᠯᠵᠠᠪᠤᠷᠢ ᠶᠢᠨ ᠮᠥᠩᠭᠦ | ᠬᠤᠷᠢᠶᠠᠵᠤ᠂ ᠲᠤᠭᠤᠷᠢᠭ ᠤᠨ ᠰᠠᠭᠤᠷᠢ ᠲᠥᠬᠦᠭᠡᠷᠦᠮᠵᠢ ᠵᠢᠴᠢ ᠠᠵᠤ ᠦᠢᠯᠡᠰ ᠤᠨ ᠲᠥᠷᠥᠯ ᠵᠦᠢᠯ ᠤᠨ | ᠬᠠᠮᠠᠭᠠᠯᠠᠯᠲᠠ ᠳᠤ ᠬᠡᠷᠡᠭᠯᠡᠵᠦ ᠪᠣᠯᠤᠨ᠎ᠠ᠃ |