| ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠪᠣᠯ ᠵᠠᠰᠠᠭ | ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠡᠭᠦᠷᠭᠡ ᠴᠢᠳᠠᠪᠤᠷᠢ ᠪᠠᠨ ᠭᠦᠢᠴᠡᠳᠬᠡᠬᠦ᠂ ᠵᠠᠰᠠᠭ ᠤᠨ ᠡᠷᠬᠡ ᠶᠢᠨ | ᠠᠵᠢᠯᠯᠠᠭᠠᠨ ᠢ ᠪᠠᠲᠤᠯᠠᠬᠤ ᠵᠢᠴᠢ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠪᠣᠳᠠᠰ ᠤᠨ ᠰᠠᠭᠤᠷᠢ ᠪᠣᠯᠤᠨ᠎ᠠ᠃ | 2024 ᠣᠨ ᠤ ᠲᠤᠷᠰᠢ᠂ ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠭᠤᠷᠪᠠᠨ ᠠᠷᠭ᠎ᠠ | ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠦᠮᠴᠢᠯᠡᠯᠲᠦ | ᠡᠳ᠋ ᠬᠥᠷᠥᠩᠭᠡ ᠶᠢᠨ ᠬᠠᠮᠢᠶᠠᠷᠤᠯᠲᠠ ᠶᠢ ᠬᠦᠴᠦᠯᠡᠨ ᠴᠢᠩᠭᠠᠳᠬᠠᠨ᠎ᠠ᠃ | ᠨᠢᠭᠡ ᠳᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠰᠠᠭᠤᠷᠢ ᠶᠢ ᠪᠠᠬᠢᠵᠢᠭᠦᠯᠵᠦ᠂ ᠡᠳ᠋ ᠬᠥᠷᠥᠩᠭᠡ ᠶᠢ | ᠢᠯᠭᠠᠷᠠᠭᠤᠯᠤᠨ ᠪᠠᠶᠢᠴᠠᠭᠠᠬᠤ ᠠᠵᠢᠯ ᠢ ᠥᠷᠨᠢᠭᠦᠯᠦᠨ᠎ᠡ᠃ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠤᠯᠤᠰ ᠤᠨ ᠥᠮᠴᠢᠯᠡᠯᠲᠦ | ᠡᠳ᠋ ᠬᠥᠷᠥᠩᠭᠡ ᠶᠢᠨ ᠰᠠᠭᠤᠷᠢ ᠶᠢ ᠪᠠᠲᠤᠳᠬᠠᠬᠤ ᠶᠢᠨ ᠲᠥᠯᠥᠭᠡ᠂ ᠠᠣᠬᠠᠨ ᠬᠤᠰᠢᠭᠤᠨ ᠤ ᠡᠳ᠋ ᠤᠨ ᠵᠠᠰᠠᠭ ᠤᠨ | ᠲᠣᠪᠴᠢᠶ᠎ᠠ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢ | ᠢᠯᠭᠠᠷᠠᠭᠤᠯᠤᠨ ᠪᠠᠶᠢᠴᠠᠭᠠᠬᠤ ᠠᠵᠢᠯ ᠢ ᠥᠷᠨᠢᠭᠦᠯᠵᠦ᠂ ᠪᠥᠬᠦ ᠬᠤᠰᠢᠭᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ | ᠨᠢᠭᠡᠴᠡ ᠶᠢᠨ ᠡᠳ᠋ ᠬᠥᠷᠥᠩᠭᠡ ᠶᠢᠨ ᠰᠠᠭᠤᠷᠢ ᠲᠤᠭ᠎ᠠ ᠶᠢ ᠪᠥᠬᠦ ᠲᠠᠯ᠎ᠠ ᠪᠠᠷ ᠢᠯᠭᠠᠷᠠᠭᠤᠯᠤᠨ ᠬᠢᠨᠠᠨ ᠪᠠᠶᠢᠴᠠᠭᠠᠵᠤ᠂ | ᠡᠯ᠎ᠡ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠬᠦ ᠶᠢ ᠠᠬᠢᠭᠤᠯᠵᠤ᠂ ᠡᠳ᠋ ᠬᠥᠷᠥᠩᠭᠡ ᠶᠢᠨ ᠪᠥᠬᠦ ᠠᠮᠢ | ᠶᠢᠨ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ ᠶᠢ ᠪᠡᠶᠡᠯᠡᠭᠦᠯᠦᠨ᠎ᠡ᠃ | ᠬᠤᠶᠠᠷ ᠲᠤ᠂ ᠰᠤᠯᠠ ᠪᠠᠶᠢᠭ᠎ᠠ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠠᠮᠢᠳᠤᠯᠢᠭ ᠪᠣᠯᠭᠠᠵᠤ᠂ ᠡᠳ᠋ | ᠬᠥᠷᠥᠩᠭᠡ ᠶᠢ ᠰᠢᠢᠳᠪᠦᠷᠢᠯᠡᠬᠦ ᠠᠵᠢᠯ ᠢ ᠠᠬᠢᠭᠤᠯᠤᠨ᠎ᠠ᠃ ᠠᠤᠬᠠᠨ ᠬᠤᠰᠢᠭᠤᠨ ᠤ ᠵᠠᠰᠠᠭ ᠤᠨ ᠣᠷᠳᠣᠨ ᠤ | ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠡᠯ᠎ᠡ | ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠡ ᠶᠢᠨ ᠰᠤᠯᠠ ᠪᠠᠶᠢᠭ᠎ᠠ ᠡᠳ᠋ ᠬᠥᠷᠥᠩᠭᠡ ᠶᠢ ᠰᠢᠢᠳᠪᠦᠷᠢᠯᠡᠬᠦ | ᠠᠵᠢᠯ ᠢ ᠠᠬᠢᠭᠤᠯᠪᠠ᠃ 2024 ᠣᠨ ᠳᠤ ᠤᠯᠠᠭᠠᠨᠬᠠᠳᠠ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶᠠᠨ ᠤ ᠲᠠᠪᠴᠠᠩ ᠢᠶᠠᠷ ᠳᠡᠮᠵᠢᠨ 7 ᠰᠤᠯᠠ ᠪᠠᠶᠢᠭ᠎ᠠ ᠬᠡᠷ ᠪᠠᠶᠢᠰᠢᠩ ᠢ ᠫᠠᠶᠢᠰᠠ ᠡᠯᠭᠦᠨ ᠦᠨ᠎ᠡ ᠬᠠᠶᠠᠨ | ᠬᠤᠳᠠᠯᠳᠤᠵᠤ᠂ ᠠᠷᠠᠯᠵᠢᠶᠠᠯᠠᠭᠰᠠᠨ ᠲᠤᠭ᠎ᠠ ᠨᠢ 371.83 ᠲᠦᠮᠡᠨ ᠲᠥᠭᠦᠷᠢᠭ ᠲᠤ ᠬᠦᠷᠴᠡᠶ᠃ | ᠭᠤᠷᠪᠠ ᠳᠤ᠂ ᠣᠨᠴᠠᠭᠠᠶ ᠬᠦᠷᠢᠶᠡᠨ ᠤ ᠡᠳ᠋ ᠬᠥᠷᠥᠩᠭᠡ ᠳᠤ ᠬᠢᠨᠠᠯᠲᠠ ᠲᠠᠯᠪᠢᠵᠤ᠂ ᠣᠷᠣᠰᠢᠭᠤᠯᠭ᠎ᠠ ᠶᠢᠨ ᠠᠵᠢᠯ | ᠲᠥᠷᠥᠯ ᠤᠨ ᠡᠳ᠋ ᠬᠥᠷᠥᠩᠭᠡ ᠶᠢ ᠬᠢᠨᠠᠨ ᠪᠤᠳᠤᠬᠤ ᠠᠵᠢᠯ ᠢ ᠦᠷᠨᠢᠭᠦᠯᠦᠨ᠎ᠡ᠃ ᠨᠢᠭᠲᠠᠯᠠᠨ ᠪᠤᠳᠤᠭᠴᠢ ᠶᠢᠨ ᠬᠡᠷᠡᠭ | ᠡᠷᠬᠢᠯᠡᠬᠦ ᠭᠠᠵᠠᠷ ᠢ ᠤᠷᠢᠵᠤ ᠠᠤᠬᠠᠨ ᠬᠤᠰᠢᠭᠤᠨ ᠤ ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠪ ᠤᠨ 2015 | ᠣᠨ ᠠᠴᠠ 2024 ᠣᠨ ᠪᠣᠯᠲᠠᠯ᠎ᠠ ᠨᠡᠶᠢᠲᠡ 10 ᠵᠢᠯ ᠤᠨ ᠡᠳ᠋ ᠬᠥᠷᠥᠩᠭᠡ ᠶᠢᠨ ᠡᠵᠡᠩᠨᠡᠯᠲᠡ ᠬᠠᠮᠢᠶᠠᠷᠤᠯᠲᠠ ᠶᠢᠨ | ᠣᠷᠣᠯᠭ᠎ᠠ ᠵᠢᠴᠢ ᠵᠠᠷᠤᠯᠭ᠎ᠠ ᠶᠢᠨ ᠪᠠᠶᠢᠳᠠᠯ ᠳᠤ ᠲᠤᠰᠬᠠᠶ ᠬᠢᠨᠠᠨ ᠪᠣᠳᠣᠯᠲᠠ ᠬᠢᠪᠠ᠃ |