| 2024 ᠣᠨ ᠳᠤ᠂ ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠪᠥᠬᠦ ᠶᠠᠪᠤᠴᠠ ᠶᠢᠨ | ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠡᠭᠦᠷᠭᠡ ᠶᠢ ᠭᠦᠨᠵᠡᠭᠡᠶ | ᠳᠥᠯᠭᠢᠨ ᠠᠬᠢᠭᠤᠯᠵᠤ᠂ ᠭᠤᠷᠪᠠᠨ ᠵᠦᠢᠯ ᠤᠨ ᠠᠷᠭ᠎ᠠ ᠬᠡᠮᠵᠢᠶ᠎ᠡ ᠪᠠᠷ ᠠᠮᠵᠢᠯᠲᠠ ᠪᠦᠲᠦᠮᠵᠢ ᠶᠢ ᠦᠨᠡᠯᠡᠬᠦ ᠠᠵᠢᠯ ᠢ | ᠰᠠᠶᠢᠲᠤᠷ ᠬᠢᠵᠦ᠂ ᠬᠠᠷᠠᠯᠲᠠᠲᠤ ᠬᠠᠮᠢᠶᠠᠷᠤᠯᠲᠠ ᠶᠢ ᠴᠢᠩᠭᠠᠳᠬᠠᠨ᠂ ᠦᠨᠡᠯᠡᠯᠲᠡ ᠶᠢᠨ ᠶᠠᠰᠤ ᠴᠢᠨᠠᠷ ᠢ | ᠳᠡᠭᠡᠭᠰᠢᠯᠡᠭᠦᠯᠵᠦ᠂ ᠡᠳ᠋ ᠤᠨ ᠵᠠᠰᠠᠭ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ | ᠨᠢᠭᠡ ᠳᠤ᠂ ᠡᠬᠢ ᠡᠭᠦᠰᠦᠯ ᠠᠴᠠ ᠨᠢ ᠡᠵᠡᠮᠳᠡᠵᠦ᠂ ᠡᠳ᠋ ᠤᠨ ᠵᠠᠰᠠᠭ ᠤᠨ ᠲᠥᠰᠦᠪ ᠤᠨ ᠲᠥᠷᠥᠯ ᠵᠦᠢᠯ ᠤᠨ | ᠠᠮᠵᠢᠯᠲᠠ ᠪᠦᠲᠦᠮᠵᠢ ᠶᠢᠨ ᠬᠠᠷᠠᠯᠲᠠ ᠶᠢ ᠬᠢᠨᠠᠨ ᠬᠠᠷᠭᠤᠭᠤᠯᠬᠤ ᠶᠢ ᠴᠢᠩᠭᠠᠳᠬᠠᠵᠤ᠂ ᠠᠮᠵᠢᠯᠲᠠ ᠪᠦᠲᠦᠮᠵᠢ ᠶᠢᠨ | ᠬᠠᠷᠠᠯᠲᠠ ᠶᠢ ᠲᠥᠷᠥᠯ ᠵᠦᠢᠯ ᠢ ᠬᠥᠮᠥᠷᠭᠡ ᠳᠤ ᠣᠷᠣᠭᠤᠯᠬᠤ ᠪᠠ ᠣᠨ ᠤ ᠲᠥᠰᠦᠪ ᠲᠤ ᠣᠷᠣᠭᠤᠯᠬᠤ ᠶᠢᠨ | ᠤᠷᠢᠳᠠᠴᠢ ᠨᠥᠬᠦᠴᠡᠯ ᠪᠣᠯᠭᠠᠵᠤ᠂ ᠦᠷ᠎ᠡ ᠪᠦᠲᠦᠮᠵᠢ ᠪᠠᠷ ᠳᠣᠤᠷ᠎ᠠ ᠦᠷ᠎ᠡ ᠠᠰᠢᠭ ᠥᠬᠡᠶ ᠲᠥᠷᠥᠯ ᠵᠦᠢᠯ ᠤᠨ ᠪᠡᠯᠡ | ᠮᠥᠩᠭᠦ ᠲᠣᠬᠢᠷᠠᠭᠤᠯᠬᠤ ᠠᠴᠠ ᠵᠠᠶᠢᠯᠠᠰᠬᠢᠨ᠎ᠠ᠃ | ᠬᠤᠶᠠᠷ ᠲᠤ᠂ ᠳᠤᠮᠳᠠ ᠬᠤᠭᠤᠴᠠᠭᠠᠨ ᠤ ᠬᠢᠨᠠᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ 10 ᠰᠠᠷ᠎ᠠ ᠶᠢᠨ | ᠰᠡᠭᠦᠯᠴᠢ ᠪᠣᠯᠲᠠᠯ᠎ᠠ᠂ ᠰᠠᠯᠠᠭ᠎ᠠ ᠮᠥᠴᠢᠷ ᠪᠣᠯᠤᠨ ᠨᠢᠭᠡᠴᠡ 1458 ᠲᠥᠷᠥᠯ ᠵᠦᠢᠯ ᠤᠨ ᠳᠤᠮᠳᠠ ᠬᠤᠭᠤᠴᠠᠭᠠᠨ ᠤ | ᠠᠮᠵᠢᠯᠲᠠ ᠪᠦᠲᠦᠮᠵᠢ ᠶᠢ ᠬᠢᠨᠠᠨ ᠡᠵᠡᠮᠳᠡᠵᠦ ᠥᠪᠡᠷ ᠢ ᠪᠠᠨ ᠦᠨᠡᠯᠡᠬᠦ ᠠᠵᠢᠯ ᠢ ᠪᠡᠶᠡᠯᠡᠭᠦᠯᠵᠦ᠂ 102178 | ᠲᠦᠮᠡᠨ ᠲᠥᠭᠦᠷᠢᠭ ᠤᠨ ᠵᠣᠭᠤᠰ ᠤᠨ ᠲᠤᠭ᠎ᠠ ᠲᠠᠢ ᠬᠤᠯᠪᠣᠭᠳᠠᠵᠤ᠂ ᠬᠢᠨᠠᠨ ᠡᠵᠡᠮᠳᠡᠬᠦ ᠶᠠᠪᠤᠴᠠ ᠳᠤ | ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ ᠨᠠᠷᠢᠨ ᠬᠢᠨᠠᠮᠠᠭᠠᠶ ᠵᠠᠳᠠᠯᠵᠤ᠂ ᠴᠠᠭ ᠲᠤᠬᠠᠶ ᠳᠤᠨᠢ ᠴᠡᠭᠴᠡᠯᠡᠨ | ᠰᠠᠶᠢᠵᠢᠷᠠᠭᠤᠯᠪᠠ᠃ | ᠭᠤᠷᠪᠠ ᠳᠤ᠂ ᠬᠡᠷᠡᠭ ᠤᠨ ᠳᠠᠷᠠᠭᠠᠬᠢ ᠠᠮᠵᠢᠯᠲᠠ ᠪᠦᠲᠦᠮᠵᠢ ᠶᠢᠨ ᠦᠨᠡᠯᠡᠯᠲᠡ ᠶᠢ ᠴᠢᠩᠭᠠᠳᠬᠠᠵᠤ᠂ ᠰᠠᠯᠠᠭ᠎ᠠ | ᠮᠥᠴᠢᠷ ᠪᠣᠯᠤᠨ ᠨᠢᠭᠡᠴᠡ 1518 ᠲᠥᠷᠥᠯ ᠵᠦᠢᠯ ᠤᠨ ᠠᠮᠵᠢᠯᠲᠠ ᠪᠦᠲᠦᠮᠵᠢ ᠶᠢ ᠥᠪᠡᠰᠦᠪᠡᠨ ᠦᠨᠡᠯᠡᠬᠦ ᠳᠤ | ᠬᠤᠯᠪᠣᠭᠳᠠᠭᠰᠠᠨ ᠵᠣᠭᠤᠰ ᠤᠨ ᠲᠤᠭ᠎ᠠ ᠨᠢ 328272 ᠲᠦᠮᠡᠨ ᠲᠥᠭᠦᠷᠢᠭ ᠲᠤ ᠬᠦᠷᠴᠡᠶ᠃ ᠭᠤᠷᠪᠠᠳᠠᠬᠢ | ᠡᠲᠡᠭᠡᠳ ᠢ ᠤᠷᠢᠵᠤ ᠭᠤᠤᠯᠳᠠᠯᠭ᠎ᠠ ᠲᠠᠢ ᠲᠥᠷᠥᠯ ᠵᠦᠢᠯ ᠢ ᠰᠣᠩᠭᠤᠨ ᠠᠮᠵᠢᠯᠲᠠ ᠪᠦᠲᠦᠮᠵᠢ ᠶᠢᠨ ᠦᠨᠡᠯᠡᠯᠲᠡ | ᠬᠢᠯᠭᠡᠵᠦ᠂ ᠡᠭᠦᠨ ᠳᠤ ᠭᠤᠤᠯᠳᠠᠯᠭ᠎ᠠ ᠲᠠᠢ ᠲᠥᠷᠥᠯ ᠵᠦᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠳᠤ 23 | ᠲᠥᠷᠥᠯ ᠵᠦᠢᠯ ᠢ ᠰᠣᠩᠭᠤᠵᠤ᠂ ᠵᠣᠭᠤᠰ ᠤᠨ ᠲᠤᠭ᠎ᠠ ᠨᠢ 32054 ᠲᠦᠮᠡᠨ ᠲᠥᠭᠦᠷᠢᠭ ᠲᠤ ᠬᠦᠷᠴᠦ᠂ ᠪᠦᠬᠦᠯᠢ | ᠴᠣᠭᠴᠠ ᠶᠢᠨ ᠠᠮᠵᠢᠯᠲᠠ ᠪᠦᠲᠦᠮᠵᠢ ᠶᠢᠨ ᠦᠨᠡᠯᠡᠯᠲᠡ ᠳᠤ 4 ᠨᠢᠭᠡᠴᠡ ᠶᠢ ᠰᠣᠩᠭᠤᠵᠤ᠂ ᠵᠣᠭᠤᠰ ᠤᠨ ᠲᠤᠭ᠎ᠠ ᠨᠢ | 62930 ᠲᠦᠮᠡᠨ ᠲᠥᠭᠦᠷᠢᠭ ᠲᠤ ᠬᠦᠷᠴᠦ᠂ ᠳᠤᠮᠳᠠ ᠬᠤᠭᠤᠴᠠᠭᠠᠨ ᠤ ᠬᠢᠨᠠᠨ ᠡᠵᠡᠮᠳᠡᠵᠦ 2 ᠲᠥᠷᠥᠯ ᠵᠦᠢᠯ ᠢ | ᠰᠣᠩᠭᠤᠵᠤ᠂ ᠵᠣᠭᠤᠰ ᠤᠨ ᠲᠤᠭ᠎ᠠ ᠨᠢ 4837 ᠲᠦᠮᠡᠨ ᠲᠥᠭᠦᠷᠢᠭ ᠲᠤ ᠬᠦᠷᠴᠡᠶ᠃ ᠦᠨᠡᠯᠡᠭᠰᠡᠨ ᠦᠷ᠎ᠡ ᠳ᠋ᠦᠩ | ᠵᠢᠴᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠬᠤᠶᠢᠰᠢᠳᠠ ᠶᠢᠨ ᠵᠢᠯ ᠤᠨ ᠲᠥᠰᠦᠪ ᠤᠨ ᠲᠣᠬᠢᠷᠠᠭᠤᠯᠤᠯᠲᠠ ᠶᠢᠨ | ᠴᠢᠬᠤᠯᠠ ᠯᠠᠪᠯᠠᠬᠤ ᠬᠦᠴᠦᠨ ᠵᠦᠢᠯ ᠪᠣᠯᠭᠠᠨ᠎ᠠ᠃ | |