| ᠵᠢᠯ ᠤᠨ ᠡᠬᠢᠨ ᠠᠴᠠ ᠨᠠᠰᠢ᠂ ᠥᠪᠥᠷ ᠮᠣᠩᠭᠤᠯ ᠤᠨ ᠸᠠᠨ ᠴᠢᠶᠠᠩ ᠬᠤᠳᠠᠯᠳᠤᠭᠠᠨ ᠤ ᠲᠡᠭᠡᠭᠡᠪᠦᠷᠢ ᠶᠢᠨ | ᠪᠦᠯᠦᠭᠯᠡᠯ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠲᠣᠭᠲᠠᠴᠠ ᠶᠢᠨ ᠲᠠᠯ᠎ᠠ ᠪᠠᠷ ᠲᠠᠰᠤᠷᠠᠯᠲᠠ ᠥᠬᠡᠶ ᠰᠢᠨ᠎ᠡ ᠶᠢ | ᠡᠭᠦᠳᠴᠦ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ ᠪᠣᠢ ᠪᠣᠯᠭᠠᠨ᠎ᠠ᠃ | ᠵᠠᠮ ᠱᠤᠭᠤᠮ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠦᠨ᠎ᠡ᠃ ᠠᠶᠠᠨᠴᠢᠳ ᠤᠨ | ᠲᠡᠭᠡᠭᠡᠪᠦᠷᠢ ᠶᠢᠨ ᠥᠭᠡᠷᠡᠴᠢᠯᠡᠯᠲᠡ ᠶᠢᠨ ᠲᠤᠬᠠᠶ ᠰᠠᠨᠠᠯ ᠰᠠᠨᠠᠭᠤᠯᠭ᠎ᠠ ᠶᠢ ᠬᠤᠷᠢᠶᠠᠵᠤ᠂ ᠵᠠᠮ ᠬᠠᠷᠢᠯᠴᠠᠭᠠᠨ ᠤ | ᠲᠡᠭᠡᠭᠡᠪᠦᠷᠢ ᠶᠢᠨ ᠰᠠᠯᠠᠭ᠎ᠠ ᠮᠥᠴᠢᠷ ᠤᠨ ᠳᠡᠮᠵᠢᠯᠭᠡ ᠶᠢ ᠴᠢᠷᠮᠠᠶᠢᠨ ᠣᠯᠵᠤ᠂ ᠲᠣᠮᠣ ᠠᠶᠠᠨᠴᠢᠳ ᠤᠨ ᠲᠡᠭᠡᠭᠡᠪᠦᠷᠢ ᠶᠢᠨ | ᠵᠠᠮ ᠱᠤᠭᠤᠮ ᠲᠠᠢ ᠵᠥᠪᠳᠡᠯᠴᠡᠨ ᠬᠠᠮᠲᠤᠷᠠᠯᠴᠠᠵᠤ᠂ ᠠᠶᠠᠨᠴᠢᠳ ᠤᠨ ᠲᠡᠷᠭᠡ ᠶᠢ ᠵᠢᠵᠢᠭ ᠲᠡᠷᠭᠡ ᠪᠣᠯᠭᠠᠨ | ᠥᠭᠡᠷᠡᠴᠢᠯᠡᠬᠦ᠂ ᠣᠯᠠᠨ ᠡᠭᠡᠯᠵᠢ ᠶᠢᠨ ᠲᠡᠷᠭᠡ ᠶᠠᠪᠤᠭᠤᠯᠬᠤ᠂ ᠬᠤᠯᠠ ᠵᠠᠮ ᠤᠨ ᠠᠶᠠᠨᠴᠢᠳ ᠤᠨ ᠲᠡᠷᠭᠡ ᠶᠢ | ᠥᠭᠡᠷᠡᠴᠢᠯᠡᠨ ᠲᠡᠭᠡᠭᠡᠪᠦᠷᠢᠯᠡᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠬᠡᠰᠡᠭ ᠠᠶᠠᠨᠴᠢᠳ ᠤᠨ ᠲᠡᠭᠡᠭᠡᠪᠦᠷᠢ ᠶᠢᠨ ᠵᠠᠮ | ᠱᠤᠭᠤᠮ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠪᠡ᠃ | ᠠᠶᠠᠨᠴᠢᠳ ᠤᠨ ᠲᠡᠭᠡᠭᠡᠪᠦᠷᠢ ᠶᠢ ᠪᠠᠶᠢᠴᠠᠭᠠᠬᠤ ᠡᠷᠴᠢᠮ ᠢᠶᠠᠨ ᠴᠢᠩᠭᠠᠳᠬᠠᠨ᠎ᠠ᠃ ᠠᠶᠠᠨᠴᠢᠳ ᠤᠨ | ᠲᠡᠭᠡᠭᠡᠪᠦᠷᠢ ᠶᠢᠨ ᠪᠠᠶᠢᠴᠠᠭᠠᠬᠤ ᠪᠠᠶᠢᠭᠤᠯᠤᠮᠵᠢ ᠪᠠᠶᠢᠭᠤᠯᠵᠤ᠂ ᠪᠦᠯᠦᠭᠯᠡᠯ ᠤᠨ ᠠᠶᠠᠨᠴᠢᠳ ᠤᠨ ᠲᠡᠭᠡᠭᠡᠪᠦᠷᠢ ᠶᠢᠨ | ᠲᠡᠷᠭᠡ ᠬᠥᠰᠬᠡ ᠶᠢᠨ ᠵᠢᠯᠣᠭᠤᠴᠢ ᠶᠢᠨ ᠦᠢᠯᠡ ᠠᠵᠢᠯᠯᠠᠭ᠎ᠠ ᠶᠢ ᠪᠠᠶᠢᠴᠠᠭᠠᠵᠤ᠂ ᠠᠶᠠᠨᠴᠢᠳ ᠤᠨ ᠲᠡᠭᠡᠭᠡᠪᠦᠷᠢ ᠶᠢᠨ | ᠭᠠᠷ ᠭᠦᠢᠴᠡᠳᠬᠡᠯ ᠥᠬᠡᠶ ᠪᠣᠯ ᠳᠤᠷ᠎ᠠ ᠪᠠᠷ ᠢᠶᠠᠨ ᠠᠶᠠᠨᠴᠢᠳ ᠢ ᠲᠠᠲᠠᠭᠰᠠᠨ ᠲᠡᠷᠭᠡ ᠬᠥᠰᠬᠡ ᠶᠢᠨ ᠵᠢᠯᠣᠭᠤᠴᠢ ᠳᠤ | ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠵᠦ᠂ ᠠᠶᠠᠨᠴᠢᠳ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠣᠷᠴᠢᠨ | ᠲᠣᠭᠤᠷᠢᠨ ᠢ ᠴᠡᠪᠡᠷᠰᠢᠭᠦᠯᠵᠦ᠂ ᠠᠶᠠᠨᠴᠢᠳ ᠤᠨ ᠠᠮᠤᠷ ᠲᠦᠪᠰᠢᠨ ᠤ ᠢᠯᠡᠳᠬᠡᠮᠵᠢ ᠶᠢ ᠨᠡᠮᠡᠭᠳᠡᠭᠦᠯᠪᠡ᠃ | ᠬᠠᠲᠠᠭᠤ ᠬᠡᠷᠡᠭᠰᠡᠯ ᠤᠨ ᠲᠥᠬᠦᠭᠡᠷᠦᠮᠵᠢ ᠶᠢ ᠴᠢᠩᠭᠠᠳᠬᠠᠨ᠎ᠠ᠃ ᠮᠦᠭᠳᠡᠨ᠂ ᠴᠤᠤᠶᠠᠩ ᠤᠨ ᠠᠶᠠᠨᠴᠢᠳ ᠤᠨ | ᠲᠡᠭᠡᠭᠡᠪᠦᠷᠢ ᠶᠢᠨ ᠵᠠᠮ ᠱᠤᠭᠤᠮ ᠤᠨ 9 ᠪᠠ 7 ᠰᠠᠭᠤᠳᠠᠯ ᠲᠠᠢ ᠳᠤᠮᠳᠠ ᠵᠢᠵᠢᠭ ᠬᠡᠯᠪᠡᠷᠢ ᠶᠢᠨ ᠠᠶᠠᠨᠴᠢᠳ ᠤᠨ | ᠮᠠᠰᠢᠨ ᠲᠡᠷᠭᠡ ᠶᠢ 12 ᠨᠡᠮᠡᠵᠦ᠂ ᠴᠠᠬᠢᠯᠭᠠᠨ ᠴᠡᠨᠡᠭᠯᠡᠬᠦ ᠪᠠᠭᠠᠨ᠎ᠠ 5 ᠰᠠᠭᠤᠷᠢ ᠤᠭᠰᠠᠷᠠᠵᠤ᠂ ᠵᠢᠨᠴᠠᠩ ᠭᠧᠤ ᠯᠢᠶᠠᠩ | ᠳᠤᠮᠳᠠ ᠱᠤᠭᠤᠮ᠂ ᠰᠧ ᠵᠢᠶᠠᠽᠢ ᠱᠤᠭᠤᠮ ᠵᠡᠷᠭᠡ ᠰᠢᠶᠠᠩ ᠪᠠᠯᠭᠠᠰᠤᠨ ᠤ ᠨᠡᠶᠢᠲᠡ ᠶᠢᠨ ᠮᠠᠰᠢᠨ ᠲᠡᠷᠭᠡᠨ ᠤ | ᠡᠭᠡᠯᠵᠢ ᠶᠢᠨ ᠲᠡᠷᠭᠡ 6 ᠰᠠᠤᠷᠢ 48 ᠰᠠᠭᠤᠳᠠᠯ ᠲᠠᠢ ᠴᠠᠬᠢᠯᠭᠠᠨ ᠬᠥᠳᠡᠯᠭᠡᠭᠦᠷᠲᠦ ᠨᠡᠶᠢᠲᠡ ᠶᠢᠨ ᠮᠠᠰᠢᠨ ᠲᠡᠷᠭᠡ ᠶᠢ | ᠨᠢᠭᠡᠨᠲᠡ ᠥᠷᠲᠡᠭᠡᠨ ᠳᠤ ᠬᠤᠳᠠᠯᠳᠤᠨ ᠣᠷᠣᠭᠤᠯᠪᠠ᠃ | ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡᠨ ᠤ ᠤᠬᠠᠮᠰᠠᠷ ᠢ ᠳᠡᠭᠡᠭᠰᠢᠯᠡᠭᠦᠯᠦᠨ᠎ᠡ᠃ ᠸᠢᠴᠠᠲ ᠤᠨ ᠵᠢᠵᠢᠭ | ᠫᠷᠦᠭᠷᠡᠮ ᠪᠠ ᠰᠦᠯᠵᠢᠶᠡᠨ ᠳᠡᠭᠡᠷ᠎ᠡ ᠪᠢᠯᠧᠲ ᠵᠠᠬᠢᠶᠠᠯᠠᠬᠤ ᠂ ᠰᠦᠯᠵᠢᠶᠡᠨ ᠳᠡᠭᠡᠷ᠎ᠡ ᠪᠢᠯᠧᠲ ᠵᠠᠬᠢᠶᠠᠯᠠᠬᠤ | ᠦᠢᠯᠡᠴᠢᠯᠡᠭᠡ ᠶᠢ 24 ᠴᠠᠭ ᠢᠶᠠᠷ ᠵᠢᠵᠢᠭᠦᠷᠯᠡᠬᠦ ᠶᠢ ᠬᠡᠷᠡᠭᠵᠢᠭᠦᠯᠪᠡ᠃ ᠵᠢᠯᠣᠭᠤᠴᠢ ᠳᠤ ᠠᠵᠢᠯ ᠤᠨ ᠪᠠᠶᠢᠷᠢ ᠳᠤ | ᠭᠠᠷᠬᠤ ᠠᠴᠠ ᠡᠮᠦᠨᠡᠬᠢ ᠪᠣᠯᠪᠠᠰᠤᠷᠠᠯ ᠬᠢᠵᠦ᠂ ︽ᠭᠤᠷᠪᠠᠨ ᠦᠨᠡᠮᠯᠡᠯ ᠭᠤᠷᠪᠠᠨ ᠠᠷᠢᠭᠤᠨ ᠴᠡᠪᠡᠷ ᠢᠨᠢᠶᠡᠮᠰᠦᠭᠯᠡᠯ︾ | ᠤᠨ ᠬᠠᠮᠢᠶᠠᠷᠤᠯᠲᠠ ᠶᠢᠨ ᠲᠣᠭᠲᠠᠴᠠ ᠶᠢ ᠬᠡᠷᠡᠭᠵᠢᠭᠦᠯᠪᠡ ︵ᠭᠤᠷᠪᠠᠨ ᠦᠨᠡᠮᠯᠡᠯ ᠳᠠᠷᠤᠶ ᠵᠢᠯᠣᠭᠤᠴᠢ ᠶᠢᠨ ᠦᠨᠡᠮᠯᠡᠯ᠂ | ᠠᠵᠢᠯ ᠤᠨ ᠪᠠᠶᠢᠷᠢ ᠳᠤ ᠭᠠᠷᠬᠤ ᠦᠨᠡᠮᠯᠡᠯ᠂ ᠡᠷᠡᠭᠦᠯ ᠮᠡᠨᠳᠦ ᠶᠢᠨ ᠪᠠᠶᠢᠴᠠᠭᠠᠯᠲᠠ ᠶᠢᠨ ᠦᠨᠡᠮᠯᠡᠯ︔ ᠭᠤᠷᠪᠠᠨ ᠴᠡᠪᠡᠷ | ᠳᠠᠷᠤᠢ ᠬᠤᠪᠴᠠᠰᠤ ᠬᠤᠨᠠᠷ ᠴᠡᠪᠡᠷ ᠴᠡᠮᠴᠡᠭᠡᠷ᠂ ᠠᠶᠠᠨᠴᠢᠳ ᠤᠨ ᠲᠡᠷᠭᠡ ᠠᠷᠢᠭᠤᠨ ᠴᠡᠪᠡᠷ᠂ ᠲᠡᠷᠭᠡᠨ ᠤ ᠭᠠᠳᠠᠷ | ᠪᠠᠶᠢᠳᠠᠯ ᠨᠢ ᠠᠷᠢᠭᠤᠨ ᠴᠡᠪᠡᠷ ᠪᠠᠶᠢᠬᠤ︔ ᠢᠨᠢᠶᠡᠮᠰᠦᠭᠯᠡᠨ ᠠᠶᠠᠨᠴᠢᠳ ᠨᠢᠭᠡᠪᠦᠷᠢ ᠶᠢ ᠤᠭᠲᠤᠨ᠎ᠠ︶᠃ ᠮᠦᠭᠳᠡᠨ᠂ | ᠴᠤᠤᠶᠠᠩ ᠵᠦᠭ ᠶᠠᠪᠤᠬᠤ ᠠᠶᠠᠨᠴᠢᠳ ᠢ ᠭᠡᠷ ᠲᠤᠨᠢ ᠬᠦᠷᠭᠡᠵᠦ᠂ ᠠᠶᠠᠨᠴᠢᠳ ᠤᠨ ᠲᠡᠭᠡᠭᠡᠪᠦᠷᠢ ᠶᠢᠨ ᠦᠢᠯᠡᠴᠢᠯᠡᠭᠡ ᠶᠢ | ᠵᠢᠩᠬᠢᠨᠢ ᠪᠠᠷ ᠪᠡᠶᠡᠯᠡᠭᠦᠯᠦᠨ᠎ᠡ᠃ |