| ᠬᠠᠷᠢᠶᠠᠲᠤ ᠣᠷᠣᠨ ᠤ ᠵᠡᠮᠳᠡᠭᠴᠦᠳ ᠤᠨ ᠦᠨᠳᠦᠰᠦᠨ ᠮᠡᠳᠡᠭᠡ ᠵᠠᠩᠭᠢ ᠶᠢ ᠴᠠᠭ ᠲᠤᠬᠠᠶ ᠳᠤᠨᠢ ᠡᠵᠡᠮᠰᠢᠵᠦ᠂ | ᠵᠡᠮᠳᠡᠭᠴᠦᠳ ᠤᠨ ᠪᠠᠶᠢᠳᠠᠯ ᠪᠠ ᠬᠡᠷᠡᠭᠴᠡᠭᠡ ᠶᠢ ᠨᠠᠷᠢᠯᠢᠭ ᠣᠨᠤᠪᠴᠢᠲᠠᠢ ᠪᠠᠷ ᠣᠶᠢᠯᠠᠭᠠᠵᠤ᠂ ᠵᠡᠮᠳᠡᠭᠴᠦᠳ ᠲᠤ ᠨᠠᠩ | ᠳᠥᠭᠦᠮ ᠳᠥᠲᠡ ᠥᠨᠳᠥᠷ ᠪᠦᠲᠦᠮᠵᠢᠲᠡᠶ ᠴᠢᠨᠠᠷ ᠰᠠᠶᠢᠲᠠᠶ ᠦᠢᠯᠡᠴᠢᠯᠡᠭᠡ ᠬᠠᠩᠭᠠᠬᠤ ᠶᠢᠨ ᠲᠥᠯᠥᠭᠡ᠂ ᠣᠶᠢᠷ᠎ᠠ ᠳᠤ | ᠂ ᠣᠷᠤᠢ ᠶᠢᠨ ᠰᠦᠮ᠎ᠡ ᠰᠤᠮᠤ ᠵᠡᠮᠳᠡᠭᠴᠦᠳ ᠤᠨ ᠦᠨᠳᠦᠰᠦᠨ ᠮᠡᠳᠡᠭᠡ ᠵᠠᠩᠭᠢ ᠶᠢ ᠬᠥᠳᠡᠯᠦᠩᠭᠦᠶ ᠪᠠᠷ ᠰᠢᠨᠡᠳᠬᠡᠬᠦ | ᠠᠵᠢᠯ ᠢ ᠥᠨᠳᠥᠷ ᠪᠦᠲᠦᠮᠵᠢᠲᠡᠶ ᠪᠠᠷ ᠥᠷᠨᠢᠭᠦᠯᠪᠡ᠃ | ᠲᠣᠰ ᠤᠳᠠᠭᠠᠨ ᠤ ᠮᠡᠳᠡᠭᠡ ᠵᠠᠩᠭᠢ ᠶᠢᠨ ᠪᠠᠶᠢᠴᠠᠭᠠᠯᠲᠠ ᠶᠢᠨ ᠠᠵᠢᠯ ᠨᠢ ᠵᠡᠮᠳᠡᠭᠴᠦᠳ ᠤᠨ ᠬᠡᠷ ᠪᠦᠯᠢ ᠶᠢᠨ | ᠣᠷᠣᠨ ᠰᠠᠭᠤᠴᠠ᠂ ᠦᠨᠳᠦᠰᠦᠨ ᠡᠮᠴᠢᠯᠡᠭᠡᠨ ᠤ ᠡᠷᠡᠭᠦᠯᠵᠢᠯ᠂ ᠰᠠᠭᠠᠳ ᠥᠬᠡᠶ ᠲᠦᠬᠦᠭᠡᠷᠦᠮᠵᠢ ᠶᠢ ᠢᠵᠢ | ᠪᠥᠷᠢᠳᠦᠭᠦᠯᠬᠦ ᠵᠡᠷᠭᠡ ᠡᠯ᠎ᠡ ᠲᠠᠯ᠎ᠠ ᠶᠢᠨ ᠠᠭᠤᠯᠭ᠎ᠠ ᠶᠢ ᠭᠤᠤᠯᠳᠠᠯᠭ᠎ᠠ ᠲᠠᠢ ᠪᠠᠷ ᠪᠥᠬᠦ ᠲᠠᠯ᠎ᠠ ᠪᠠᠷ ᠤᠶᠢᠯᠠᠭᠠᠨ | ᠵᠢᠭᠰᠠᠭᠠᠪᠠ᠃ ᠬᠥᠳᠡᠯᠦᠩᠭᠦᠶ ᠪᠠᠷ ᠰᠢᠨᠡᠳᠬᠡᠬᠦ ᠶᠢ ᠡᠬᠢᠯᠡᠬᠦ ᠠᠴᠠ ᠡᠮᠦᠨ᠎ᠡ᠂ ᠰᠤᠮᠤᠨ ᠤ ᠠᠷᠠᠳ ᠤᠨ ᠶᠠᠪᠤᠳᠠᠯ ᠤᠨ | ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠡᠯ᠎ᠡ ᠭᠠᠴᠠᠭᠠᠨ ᠤ ᠵᠡᠮᠳᠡᠭᠴᠦᠳ ᠤᠨ ᠨᠡᠶᠢᠭᠡᠮᠯᠢᠭ ᠤᠨ | ᠭᠡᠰᠢᠭᠦᠳ ᠲᠤ ᠪᠣᠯᠪᠠᠰᠤᠷᠠᠯ ᠬᠢᠵᠦ᠂ ᠡᠨᠡ ᠵᠢᠯ ᠤᠨ ᠬᠥᠳᠡᠯᠦᠩᠭᠦᠶ ᠪᠠᠷ ᠰᠢᠨᠡᠳᠬᠡᠬᠦ ᠠᠵᠢᠯ ᠤᠨ ᠰᠢᠨ᠎ᠡ | ᠱᠠᠭᠠᠷᠳᠠᠯᠭ᠎ᠠ᠂ ᠰᠢᠨ᠎ᠡ ᠬᠤᠪᠢᠷᠠᠯᠲᠠ ᠶᠢ ᠨᠠᠷᠢᠨ ᠲᠠᠨᠢᠯᠴᠠᠭᠤᠯᠵᠤ᠂ ᠮᠡᠳᠡᠭᠡ ᠵᠠᠩᠭᠢ ᠶᠢ ᠪᠦᠷᠢᠨ ᠪᠦᠲᠦᠨ᠂ | ᠣᠨᠣᠪᠴᠢᠲᠠᠶ ᠣᠷᠣᠭᠤᠯᠬᠤ ᠶᠢ ᠦᠨᠡᠨᠬᠦ ᠪᠠᠲᠤᠯᠠᠪᠠ᠃ ᠬᠥᠳᠡᠯᠦᠩᠭᠦᠶ ᠪᠠᠷ ᠰᠢᠨᠡᠳᠬᠡᠬᠦ ᠶᠠᠪᠤᠴᠠ ᠳᠤ᠂ ᠠᠵᠢᠯᠲᠠᠳ | ᠲᠣᠰᠬᠤᠨ ᠳᠤ ᠬᠦᠷᠴᠦ ᠡᠷᠦᠬᠡ ᠳᠤ ᠣᠷᠣᠬᠤ᠂ ᠤᠲᠠᠰᠤ ᠪᠠᠷ ᠯᠠᠪᠯᠠᠨ ᠠᠰᠠᠭᠤᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠬᠠᠷᠢᠶᠠᠲᠤ ᠣᠷᠣᠨ ᠤ ᠵᠡᠮᠳᠡᠭᠴᠦᠳ ᠤᠨ ᠮᠡᠳᠡᠭᠡ ᠵᠠᠩᠭᠢ ᠶᠢ ᠬᠥᠳᠡᠯᠦᠩᠭᠦᠶ ᠪᠠᠷ ᠰᠢᠨᠡᠳᠬᠡᠪᠡ᠃ | ᠡᠷᠦᠬᠡ ᠪᠣᠯᠭᠠᠨ ᠳᠤ ᠬᠦᠷᠬᠦ ᠪᠦᠷᠢ᠂ ᠠᠵᠢᠯᠲᠠᠳ ᠲᠡᠳᠡᠨ ᠤ ᠢᠳᠡᠵᠦ ᠤᠤᠭᠤᠬᠤ ᠤᠨᠲᠠᠵᠤ ᠬᠡᠪᠲᠡᠬᠦ᠂ ᠪᠡᠶ᠎ᠡ ᠶᠢᠨ | ᠪᠠᠶᠢᠳᠠᠯ᠂ ᠠᠵᠤ ᠠᠬᠤᠢ ᠶᠢᠨ ᠪᠠᠶᠢᠳᠠᠯ ᠵᠡᠷᠭᠡ ᠶᠢ ᠨᠠᠷᠢᠨ ᠠᠰᠠᠭᠤᠨ ᠯᠠᠪᠯᠠᠵᠤ᠂ ᠲᠡᠳᠡᠨ ᠤ ᠬᠦᠴᠢᠷᠳᠡᠯ ᠪᠠ | ᠬᠡᠷᠡᠭᠴᠡᠭᠡ ᠶᠢ ᠬᠦᠯᠢᠴᠡᠩᠭᠦᠢ ᠪᠠᠷ ᠰᠣᠨᠣᠰᠪᠠ᠃ ᠡᠭᠦᠨ ᠤ ᠬᠠᠮᠲᠤ᠂ ᠵᠡᠮᠳᠡᠭᠴᠦᠳ ᠲᠤ ᠠᠰᠢᠭ ᠬᠦᠷᠲᠡᠭᠡᠬᠦ | ᠠᠷᠠᠳ ᠤᠨ ᠠᠮᠢᠳᠤᠷᠠᠯ ᠤᠨ ᠲᠥᠷᠥ ᠶᠢᠨ ᠪᠣᠳᠣᠯᠭ᠎ᠠ ᠶᠢ ᠢᠳᠡᠪᠬᠢᠲᠡᠶ ᠪᠠᠷ ᠤᠬᠠᠭᠤᠯᠤᠨ ᠲᠠᠶᠢᠯᠪᠤᠷᠢᠯᠠᠵᠤ᠂ ᠲᠡᠳᠡᠨ ᠤ | ᠬᠠᠤᠯᠢ ᠶᠣᠰᠣᠨ ᠤ ᠡᠷᠬᠡ ᠠᠰᠢᠭ ᠢ ᠪᠠᠲᠤᠯᠠᠪᠠ᠃ | ᠵᠡᠮᠳᠡᠭᠴᠦᠳ ᠤᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠬᠥᠳᠡᠯᠦᠩᠭᠦᠶ ᠪᠠᠷ ᠰᠢᠨᠡᠳᠬᠡᠬᠦ ᠠᠵᠢᠯ ᠪᠣᠯ | ᠵᠡᠮᠳᠡᠭᠴᠦᠳ ᠤᠨ ᠬᠦᠰᠡᠯ ᠱᠠᠭᠠᠷᠳᠠᠯᠭ᠎ᠠ ᠶᠢ ᠰᠣᠨᠣᠰᠬᠤ ᠪᠦᠲᠦᠮᠵᠢᠲᠡᠶ ᠠᠷᠭ᠎ᠠ ᠵᠠᠮ ᠪᠣᠯᠬᠤ ᠪᠠᠷ ᠪᠠᠷᠠᠬᠤ ᠥᠬᠡᠶ᠂ | ᠪᠠᠰᠠ ᠴᠤ ᠵᠡᠮᠳᠡᠭᠴᠦᠳ ᠤᠨ ᠡᠷᠬᠡ ᠠᠰᠢᠭ ᠢ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠳᠠᠷᠠᠭᠠᠴᠢ ᠶᠢᠨ | ᠠᠯᠬᠤᠮ ᠳᠤ᠂ ᠣᠷᠤᠢ ᠶᠢᠨ ᠰᠦᠮ᠎ᠡ ᠰᠣᠮᠣ ᠣᠬᠠᠭᠤᠯᠭ᠎ᠠ ᠪᠣᠯᠪᠠᠰᠣᠷᠠᠯ ᠢᠶᠠᠨ ᠣᠯᠠᠮ ᠨᠢᠭᠡ ᠠᠯᠬᠤᠮ ᠴᠢᠩᠭᠠᠳᠬᠠᠵᠤ | ᠂ ᠦᠷᠭᠡᠨ ᠣᠯᠠᠨ ᠲᠦᠮᠡᠨ ᠺᠠᠳ᠋ᠷᠴᠣᠳ ᠢ ᠵᠢᠯᠣᠭᠤᠳᠣᠨ ᠬᠦᠳᠡᠯᠦᠩᠭᠦᠢ ᠪᠠᠷ ᠰᠢᠨᠡᠳᠭᠡᠬᠦ ᠠᠵᠢᠯ ᠤᠨ ᠴᠢᠬᠤᠯᠠ | ᠴᠢᠨᠠᠷ ᠢ ᠬᠦᠢᠴᠡᠳ ᠲᠠᠨᠢᠭᠤᠯᠵᠤ᠂ ᠬᠠᠷᠢᠶ᠎ᠡ ᠲᠣᠭᠤᠷᠢᠭ ᠤᠨ ᠵᠡᠮᠳᠡᠭᠴᠣᠳ ᠤᠨ ᠦᠨᠳᠦᠰᠦᠨ ᠪᠠᠶᠢᠳᠠᠯ ᠢ | ᠣᠨᠣᠪᠴᠢᠲᠠᠢ ᠡᠵᠡᠮᠰᠢᠭᠦᠯᠵᠦ᠂ ᠲᠡᠲᠡᠨ ᠤ ᠵᠢᠩᠬᠢᠨᠢ ᠱᠠᠭᠠᠷᠳᠠᠯᠭ᠎ᠠ ᠶᠢ ᠣᠶᠢᠯᠠᠭᠠᠨ᠂ ᠵᠡᠮᠳᠡᠭᠴᠤᠳ ᠲᠤ ᠦᠢᠯᠡᠴᠢᠯᠡᠬᠦ | ᠪᠠᠲᠤᠯᠠᠭ᠎ᠠ ᠶᠢ ᠰᠠᠶᠢᠲᠤᠷ ᠬᠢᠨ᠎ᠡ ᠃ |