ᠰᠠᠯᠪᠤᠷᠢ ᠰᠢᠶᠠᠩ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠠᠨ᠎ᠠ
ᠨᠡᠶᠢᠲᠡᠯᠡᠭᠰᠡᠨ ᠴᠠᠭ᠄
2024/11/15
     2025 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠣᠯᠠᠨ ᠲᠦᠮᠡᠨ ᠤ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ  ᠶᠢᠨ ᠮᠡᠳᠡᠬᠦ ᠨᠣᠷᠮ᠎ᠠ ᠶᠢ ᠳᠡᠭᠡᠭᠰᠢᠯᠡᠭᠦᠯᠦᠨ᠂ ᠳᠠᠭᠠᠳᠬᠠᠯ ᠳᠤ ᠣᠷᠣᠯᠴᠠᠬᠤ ᠪᠦᠷᠬᠦᠴᠡ ᠶᠢ ᠤᠯᠠᠮ ᠨᠢᠭᠡ ᠠᠯᠬᠤᠮ  ᠥᠷᠭᠡᠳᠬᠡᠬᠦ ᠶᠢᠨ ᠲᠦᠯᠦᠭᠡ᠂ ᠰᠠᠯᠪᠤᠷᠢ ᠰᠢᠶᠠᠩ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ  ᠪᠠᠲᠤᠯᠠᠨ᠎ᠠ ᠃    ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠲᠤᠰᠬᠠᠶ ᠰᠡᠳᠦᠪᠲᠦ ᠬᠤᠷᠠᠯ ᠬᠤᠷᠠᠯᠳᠤᠵᠤ᠂ ᠡᠮ ᠡᠮᠨᠡᠯᠭᠡ ᠶᠢᠨ ᠳᠠᠭᠠᠳᠬᠠᠯ ᠤᠨ ᠰᠦᠢᠳᠭᠡᠯ ᠲᠤᠰᠢᠶᠠᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠵᠤ᠂ ᠱᠠᠲᠤ ᠱᠠᠲᠤ ᠪᠠᠷ ᠳᠠᠮᠵᠢᠭᠤᠯᠵᠤ᠂ ᠡᠭᠦᠷᠭᠡ ᠶᠢ ᠲᠣᠰᠬᠤᠨ ᠳᠤ ᠬᠦᠷᠲᠡᠯ᠎ᠡ ᠬᠤᠪᠢᠶᠠᠷᠢᠯᠠᠵᠤ᠂ ᠬᠠᠷᠢᠭᠤᠴᠠᠯᠭ᠎ᠠ ᠶᠢ ᠬᠥᠮᠦᠨ ᠳᠤ ᠬᠦᠷᠲᠡᠯ᠎ᠡ  ᠨᠠᠶᠢᠳᠠᠪᠤᠷᠢᠵᠢᠭᠤᠯᠤᠨ᠎ᠠ᠃ ᠡᠭᠦᠨ ᠤ ᠬᠠᠮᠲᠤ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠠᠴᠠ ᠳᠠᠭᠠᠭᠤᠯᠵᠤ᠂ ᠡᠯ᠎ᠡ ᠲᠣᠰᠬᠤᠨ ᠳᠤ ᠭᠦᠨᠵᠡᠭᠡᠶᠢᠷᠡᠨ ᠲᠤᠬᠠᠶᠢᠯᠠᠭᠰᠠᠨ ᠠᠵᠢᠯ ᠤᠨ ᠵᠢᠯᠤᠭᠤᠳᠤᠯᠭ᠎ᠠ ᠬᠢᠵᠦ᠂ ᠠᠵᠢᠯ ᠤᠨ ᠲᠣᠭᠲᠠᠭᠤᠨ ᠢᠶᠠᠷ ᠠᠬᠢᠬᠤ ᠶᠢ ᠪᠠᠲᠤᠯᠠᠨ᠎ᠠ᠃    ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠨ᠎ᠠ᠃ ᠰᠦᠯᠵᠢᠶᠡᠨ  ᠭᠠᠳᠠᠨᠠᠬᠢ ᠡᠷᠦᠬᠡ ᠳᠤ ᠣᠷᠣᠵᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠰᠦᠯᠵᠢᠶᠡᠨ ᠳᠡᠭᠡᠷ᠎ᠡ ᠸᠢᠴᠠᠲ ᠤᠨ ᠬᠤᠯᠪᠤᠭ᠎ᠠ ᠪᠠᠷ ᠳᠠᠮᠵᠢᠭᠤᠯᠤᠨ ᠬᠦᠷᠭᠡᠬᠦ ᠲᠥᠷᠥ ᠶᠢᠨ ᠪᠣᠳᠣᠯᠭ᠎ᠠ ᠶᠢᠨ ᠮᠡᠳᠡᠯᠭᠡ ᠶᠢᠨ ︽ᠳᠡᠭᠡᠳᠦ ᠳᠣᠤᠷᠠᠳᠤ ᠱᠠᠲᠤ ᠪᠠᠷ ᠢᠶᠠᠨ ᠤᠶᠠᠯᠳᠤᠭᠤᠯᠬᠤ︾ ᠠᠷᠭ᠎ᠠ ᠮᠠᠶ᠋ᠢᠭ ᠢᠶᠠᠷ ᠥᠷᠭᠡᠨ ᠣᠯᠠᠨ ᠲᠦᠮᠡᠨ ᠳᠤ ᠡᠮᠴᠢᠯᠡᠭᠡᠨ ᠤ ᠳᠠᠭᠠᠳᠬᠠᠯ ᠤᠨ ᠰᠦᠢᠳᠭᠡᠯ ᠲᠤᠰᠢᠶᠠᠬᠤ ᠲᠥᠷᠥ ᠶᠢᠨ ᠪᠣᠳᠣᠯᠭ᠎ᠠ᠂ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ ᠪᠠᠷᠢᠮᠵᠢᠶ᠎ᠠ᠂ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ ᠠᠷᠭ᠎ᠠ ᠵᠠᠮ᠂ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ ᠴᠠᠭ ᠬᠤᠭᠤᠴᠠᠭ᠎ᠠ ᠵᠢᠴᠢ ᠰᠦᠢᠳᠭᠡᠯ ᠲᠤᠰᠢᠶᠠᠬᠤ ᠠᠵᠢᠯᠯᠠᠭᠠᠨ ᠤ ᠴᠤᠪᠤᠷᠠᠯ ᠵᠡᠷᠭᠡ ᠵᠦᠢᠯᠡᠰ ᠢ ᠪᠥᠬᠦ ᠲᠠᠯ᠎ᠠ ᠪᠠᠷ ᠨᠠᠷᠢᠨ ᠲᠠᠶᠢᠯᠪᠤᠷᠢᠯᠠᠵᠤ᠂ ᠣᠯᠠᠨ ᠲᠦᠮᠡᠨ ᠤ ᠴᠠᠭ ᠲᠤᠬᠠᠶ ᠳᠤᠨᠢ ᠳᠠᠭᠠᠳᠬᠠᠯ ᠳᠤ ᠣᠷᠣᠯᠴᠠᠬᠤ ᠶᠢ ᠢᠳᠡᠪᠬᠢᠲᠡᠶ ᠬᠥᠲᠥᠯᠦᠨ ᠵᠢᠯᠣᠭᠤᠳᠬᠤ ᠪᠠ ᠵᠣᠷᠢᠭᠵᠢᠭᠤᠯᠵᠤ᠂ ᠳᠠᠭᠠᠳᠬᠠᠯ ᠤᠨ ᠰᠦᠢᠳᠭᠡᠯ ᠲᠤᠰᠢᠶᠠᠬᠤ ᠦᠭᠡᠢ ᠠᠴᠠ ᠪᠣᠯᠵᠣ ᠬᠤᠪᠢ ᠬᠥᠮᠦᠨ ᠤ ᠬᠡᠪ ᠤᠨ ᠡᠮᠴᠢᠯᠡᠭᠡᠨ ᠤ ᠳᠠᠭᠠᠳᠬᠠᠯ ᠤᠨ ᠬᠠᠷᠠᠭᠠᠯᠵᠠᠯ ᠭᠥᠷᠳᠡᠬᠦ ᠶᠢ ᠨᠥᠯᠥᠭᠡᠯᠡᠬᠦ ᠠᠴᠠ ᠵᠠᠶᠢᠯᠠᠰᠬᠢᠨ᠎ᠡ᠃    ᠣᠷᠣᠯᠠᠨ ᠲᠤᠰᠢᠶᠠᠬᠤ ᠦᠢᠯᠡᠴᠢᠯᠡᠭᠡ ᠶᠢ ᠴᠢᠩᠭᠠᠳᠬᠠᠵᠤ᠂ ᠪᠠᠲᠤᠯᠠᠪᠠᠰᠤ ᠵᠣᠬᠢᠬᠤ ᠶᠢ ᠨᠢ ᠪᠦᠬᠦᠨ ᠢ ᠪᠠᠲᠤᠯᠠᠨ᠎ᠠ ᠃ ᠡᠯ᠎ᠡ ᠲᠣᠰᠬᠤᠨ ᠤ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ ᠬᠠᠪᠰᠤᠷᠤᠨ ᠲᠤᠰᠢᠶᠠᠬᠤ ᠴᠡᠭ ᠭᠠᠷᠭᠠᠵᠤ᠂ ᠲᠤᠰᠬᠠᠢ ᠬᠥᠮᠦᠨ ᠲᠣᠬᠢᠷᠠᠭᠤᠯᠤᠨ ᠰᠦᠢᠳᠬᠡᠯ ᠲᠤᠰᠢᠶᠠᠵᠤ ᠴᠢᠳᠠᠬᠤ ᠦᠭᠡᠢ ᠤᠯᠠᠨ ᠲᠦᠮᠡᠨ ᠳᠤ ᠰᠦᠢᠳᠬᠡᠯ ᠲᠤᠰᠢᠶᠠᠬᠤ ᠦᠢᠯᠡᠴᠢᠯᠡᠭᠡ ᠶᠢ ᠣᠷᠣᠯᠠᠨ ᠭᠦᠢᠴᠡᠳᠬᠡᠨ᠎ᠡ᠃ ᠡᠮᠴᠢᠯᠡᠭᠡᠨ ᠤ ᠳᠠᠭᠠᠳᠬᠠᠯ ᠤᠨ ᠣᠷᠣᠯᠠᠨ ᠲᠤᠰᠢᠶᠠᠬᠤ ᠪᠡᠯᠡᠳᠬᠡᠯ ᠠᠵᠢᠯ ᠤᠨ ᠳᠤᠭᠤᠶᠢᠯᠠᠩ ᠢ ᠪᠠᠶᠢᠭᠤᠯᠵᠤ᠂ ᠡᠯ᠎ᠡ ᠲᠣᠰᠬᠤᠨ ᠤ ᠠᠷᠠᠳ ᠤᠨ ᠳᠤᠭᠤᠶᠢᠯᠠᠩ ᠳᠤ ᠭᠦᠨᠵᠡᠭᠡᠶᠢᠷᠡᠨ᠂ ᠬᠥᠳᠡᠯᠵᠦ ᠪᠠᠷᠢᠬᠤ ᠳᠤ ᠳᠥᠭᠦᠮ ᠦᠭᠡᠢ᠂  ᠤᠶᠤᠨᠲᠤ ᠭᠠᠷ ᠤᠲᠠᠰᠤ ᠬᠡᠷᠡᠭᠯᠡᠵᠦ ᠴᠢᠳᠠᠬᠤ ᠦᠭᠡᠢ ᠨᠠᠰᠤᠲᠠᠶᠢᠴᠤᠳ ᠲᠤ ᠴᠢᠭᠯᠡᠭᠦᠯᠦᠨ ᠬᠡᠷ ᠲᠤᠨᠢ ᠬᠦᠷᠴᠦ ᠦᠢᠯᠡᠴᠢᠯᠡᠭᠡ ᠬᠠᠩᠭᠠᠬᠤ ᠶᠢᠨ ᠬᠠᠮᠲᠤ ᠮᠠᠳᠠᠭ ᠲᠠᠢ ᠠᠰᠠᠭᠤᠳᠠᠯ ᠢ ᠨᠢᠭᠤᠷᠳᠠᠨ ᠬᠠᠷᠢᠭᠤᠯᠵᠤ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ  ᠺᠢᠯᠦᠮᠧᠲᠷ︾ ᠢ ᠨᠡᠪᠲᠡᠷᠡᠭᠦᠯᠵᠦ᠂ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠦᠨᠡᠨ ᠬᠦ ᠬᠥᠮᠦᠰ ᠲᠤ ᠬᠦᠷᠭᠡᠵᠦ᠂ ᠭᠡᠷ ᠪᠦᠯᠢ ᠳᠤ ᠠᠰᠢᠭ ᠬᠦᠷᠲᠡᠭᠡᠨ᠎ᠡ᠃    ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠣᠯ ᠠᠷᠠᠳ ᠤᠨ ᠠᠮᠢᠳᠤᠷᠠᠯ ᠤᠨ ᠴᠢᠬᠤᠯᠠ ᠶᠡᠭᠡ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠮᠥᠨ᠂ ᠲᠡᠷᠡ ᠨᠢ ᠥᠷᠭᠡᠨ ᠣᠯᠠᠨ ᠲᠦᠮᠡᠨ ᠤ ᠡᠷᠡᠭᠦᠯ ᠮᠡᠨᠳᠦ ᠵᠣᠯ ᠵᠢᠷᠭᠠᠯ ᠲᠠᠢ ᠬᠤᠯᠪᠣᠭᠳᠠᠵᠤ ᠪᠠᠶᠢᠳᠠᠭ᠃ ᠳᠠᠷᠠᠭᠠᠴᠢ ᠶᠢᠨ ᠠᠯᠬᠤᠮ ᠳᠤ᠂ ᠰᠠᠯᠪᠤᠷᠢ ᠰᠢᠶᠠᠩ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠠᠵᠢᠯ ᠢ ᠦᠷᠭᠦᠯᠵᠢᠯᠡᠨ ᠠᠬᠢᠭᠤᠯᠵᠤ᠂ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠣᠯᠠᠨ ᠲᠦᠮᠡᠨ ᠳᠤ ᠨᠠᠩ ᠳᠥᠭᠦᠮ ᠳᠥᠲᠡ᠂ ᠨᠠᠩ ᠥᠨᠳᠥᠷ ᠪᠦᠲᠦᠮᠵᠢᠲᠡᠶ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠦᠢᠯᠡᠴᠢᠯᠡᠭᠡ ᠬᠠᠩᠭᠠᠵᠤ᠂ ᠬᠠᠷᠢᠶ᠎ᠠ ᠣᠷᠣᠨ ᠤ ᠣᠯᠠᠨ ᠲᠦᠮᠡᠨ ᠤ ᠲᠤᠰᠢᠶᠠᠪᠠᠰᠤ ᠵᠣᠬᠢᠬᠤ ᠶᠢ ᠨᠢ ᠪᠦᠬᠦᠨ ᠢ ᠲᠤᠰᠢᠶᠠᠬᠤ ᠶᠢ ᠦᠨᠡᠨᠬᠦ ᠪᠠᠲᠤᠯᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号