ᠠᠤᠬᠠᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠬᠠᠮᠢᠶᠠᠷᠤᠯᠲᠠ ᠶᠢᠨ | ᠠᠷᠭ᠎ᠠ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ | ᠨᠢᠭᠡ᠂ ᠨᠠᠶᠢᠷᠠᠭᠤᠯᠤᠨ ᠵᠣᠬᠢᠶᠠᠭᠰᠠᠨ ᠠᠬᠤᠢ ᠪᠠᠶᠢᠳᠠᠯ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠤᠨ | ᠶᠠᠪᠤᠳᠠᠯ ᠢ ᠢᠯᠡ ᠪᠣᠯᠭᠠᠬᠤ ᠶᠢ ᠠᠬᠢᠭᠤᠯᠤᠨ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ | ᠲᠢᠩᠬᠢᠮ ︵︽ᠵᠠᠰᠠᠭ ᠤᠨ ᠶᠠᠪᠤᠳᠠᠯ ᠤᠨ ᠶᠡᠭᠡ ᠲᠢᠩᠬᠢᠮ︾ ᠭᠡᠵᠦ ᠲᠣᠪᠴᠢᠯᠠᠨ᠎ᠠ︶ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠵᠢᠯ ᠢ ᠵᠢᠷᠤᠮᠵᠢᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠲᠤᠯᠠᠨ᠂ ᠵᠠᠰᠠᠭ ᠤᠨ | ᠶᠠᠪᠤᠳᠠᠯ ᠤᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠪᠣᠯᠤᠨ ᠤᠯᠤᠰ ᠤᠨ ᠬᠤᠯᠪᠣᠭᠳᠠᠯ ᠪᠥᠬᠦᠶ | ᠲᠣᠭᠲᠠᠭᠠᠯ ᠢ ᠦᠨᠳᠦᠰᠦᠯᠡᠨ᠂ ︽ᠠᠤᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ | ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠪᠤᠳᠠᠯ ᠤᠨ ᠵᠦᠢᠯᠡᠰ ᠢ ᠬᠤᠰᠢᠭᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠥᠪ ᠲᠤ ᠣᠷᠣᠭᠤᠯᠬᠤ ᠶᠢ ᠲᠣᠳᠣᠷᠬᠠᠶᠢᠯᠠᠬᠤ ᠲᠤᠬᠠᠶ ᠮᠡᠳᠡᠭᠳᠡᠯ︾ ︵ᠠᠤᠬᠠᠡ | ᠵᠠᠰᠠᠭ ᠠᠯᠪᠠᠨ ᠨᠠᠷᠢᠨ ᠪᠢᠴᠢᠭ ﹇2019﹈ 18 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠪᠥᠬᠦ | ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃ | ᠬᠤᠶᠠᠷ᠂ ᠦᠢᠯᠡᠴᠢᠯᠡᠭᠡᠨ ᠤ ᠵᠦᠢᠯᠡᠰ | ᠡᠯ᠎ᠡ ᠵᠠᠰᠠᠭ ᠵᠠᠬᠢᠷᠭᠠᠨ ᠤ ᠪᠠᠶᠢᠭᠤᠯᠭ᠎ᠠ ᠪᠠ ᠬᠤᠯᠪᠣᠭᠳᠠᠯ ᠪᠥᠬᠦᠶ ᠨᠢᠭᠡᠴᠡ ᠨᠦᠭᠦᠳ ᠵᠠᠰᠠᠭ ᠤᠨ ᠶᠠᠪᠤᠳᠠᠯ ᠤᠨ | ᠶᠡᠭᠡ ᠲᠢᠩᠬᠢᠮ ᠳᠤ ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢ ᠬᠠᠤᠯᠢ | ᠶᠣᠰᠣᠭᠠᠷ ᠲᠥᠪᠯᠡᠷᠡᠭᠦᠯᠦᠨ ᠭᠥᠯᠢᠶᠡᠨ ᠠᠪᠴᠤ ᠰᠢᠢᠳᠪᠦᠷᠢᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠢ ᠤᠯᠤᠰ ᠤᠨ ᠠᠮᠤᠷ ᠲᠦᠪᠰᠢᠨ᠂ ᠨᠢᠭᠤᠴᠠ ᠳᠤ ᠬᠤᠯᠪᠣᠭᠳᠠᠬᠤ ᠵᠦᠢᠯᠡᠰ ᠢ ᠭᠠᠷᠭᠠᠪᠠᠯ᠂ ᠭᠤᠶᠤᠴᠢᠯᠠᠬᠤ | ᠡᠷᠬᠡ ᠶᠢᠨ ᠵᠦᠢᠯᠡᠰ ︵ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠣᠯᠭᠤᠯᠲᠠ᠂ ᠵᠠᠰᠠᠭ ᠵᠠᠬᠢᠷᠭᠠᠨ ᠤ | ᠱᠠᠩᠨᠠᠯ ᠬᠥᠬᠢᠭᠦᠯᠦᠯ᠂ ᠵᠠᠰᠠᠭ ᠵᠠᠬᠢᠷᠭᠠᠨ ᠤ ᠨᠤᠲᠠᠯᠠᠯᠲᠠ᠂ ᠵᠠᠰᠠᠭ ᠵᠠᠬᠢᠷᠭᠠᠨ ᠤ ᠲᠠᠰᠤᠯᠤᠯᠲᠠ᠂ ᠪᠤᠰᠤᠳ ᠵᠠᠰᠠᠭ | ᠵᠠᠬᠢᠷᠭᠠᠨ ᠤ ᠡᠷᠬᠡ︶ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠪᠦᠬᠦᠨ ᠢ ᠵᠠᠰᠠᠭ ᠤᠨ ᠶᠠᠪᠤᠳᠠᠯ ᠤᠨ | ᠶᠡᠭᠡ ᠲᠢᠩᠬᠢᠮ ᠳᠤ ᠣᠷᠣᠭᠤᠯᠬᠤ ᠶᠢᠨ ᠬᠠᠮᠲᠤ ᠭᠦᠢᠴᠡᠳ ᠡᠷᠬᠡ ᠣᠯᠭᠤᠵᠤ᠂ ᠶᠡᠭᠡ ᠲᠢᠩᠬᠢᠮ ᠳᠤ ᠲᠤᠬᠠᠶ ᠶᠢᠨ | ᠲᠠᠯᠠᠪᠤᠷ ᠲᠤ ᠳᠠᠭᠤᠰᠬᠠᠵᠤ᠂ ᠲᠣᠰ ᠠᠷᠭ᠎ᠠ ᠶᠢ ᠬᠡᠷᠡᠭᠯᠡᠨ᠎ᠡ᠃ | ᠭᠤᠷᠪᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠬᠠᠮᠢᠶᠠᠷᠤᠯᠲᠠ | ᠬᠤᠰᠢᠭᠤᠨ ᠤ ᠵᠠᠰᠠᠭ ᠤᠨ ᠣᠷᠳᠣᠨ ᠠᠴᠠ ᠨᠡᠶᠢᠭᠡᠮ ᠳᠤ ᠵᠠᠷᠯᠠᠭᠰᠠᠨ ᠡᠯ᠎ᠡ ᠰᠠᠯᠠᠭ᠎ᠠ ᠮᠥᠴᠢᠷ ᠤᠨ ᠨᠡᠶᠢᠭᠡᠮ | ᠨᠡᠶᠢᠲᠡ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠳᠤ ᠭᠦᠢᠴᠡᠳᠭᠡᠬᠦ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠵᠠᠷᠴᠢᠮ ᠳᠡᠭᠡᠷ᠎ᠡ ᠪᠠᠨ ᠴᠥᠮ ᠵᠠᠰᠠᠭ ᠤᠨ ᠶᠠᠪᠤᠳᠠᠯ ᠤᠨ ᠶᠡᠭᠡ | ᠲᠢᠩᠬᠢᠮ ᠳᠤ ᠲᠥᠪᠯᠡᠷᠡᠭᠦᠯᠦᠨ ᠭᠦᠢᠴᠡᠳᠭᠡᠬᠦ ᠬᠡᠷᠡᠭᠲᠡᠢ᠃ ᠵᠠᠰᠠᠭ ᠤᠨ ᠶᠠᠪᠤᠳᠠᠯ ᠤᠨ ᠶᠡᠭᠡ ᠲᠢᠩᠬᠢᠮ ᠳᠤ | ᠲᠥᠪᠯᠡᠷᠡᠭᠦᠯᠦᠨ ᠭᠦᠢᠴᠡᠳᠭᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠡᠷᠬᠡᠪᠰᠢ ᠬᠤᠰᠢᠭᠤᠨ ᠤ | ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ᠃ ᠵᠠᠰᠠᠭ ᠤᠨ ᠶᠠᠪᠤᠳᠠᠯ ᠤᠨ ᠶᠡᠭᠡ ᠲᠢᠩᠬᠢᠮ ᠳᠤ | ᠲᠥᠪᠯᠡᠷᠡᠭᠦᠯᠦᠨ ᠭᠦᠢᠴᠡᠳᠭᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠡᠯ᠎ᠡ ᠰᠠᠯᠠᠭ᠎ᠠ ᠮᠥᠴᠢᠷ | ᠵᠠᠷᠴᠢᠮ ᠳᠡᠭᠡᠷ᠎ᠡ ᠪᠠᠨ ᠤᠤᠯ ᠤᠨ ᠨᠢᠭᠡᠴᠡ ᠳᠤ ᠳᠠᠭᠢᠵᠤ ᠭᠥᠯᠢᠶᠡᠨ ᠠᠪᠴᠤ ᠰᠢᠢᠳᠪᠦᠷᠢᠯᠡᠵᠦ ᠪᠣᠯᠬᠤ ᠥᠬᠡᠶ᠃ ᠡᠯ᠎ᠡ | ᠰᠠᠯᠠᠭ᠎ᠠ ᠮᠥᠴᠢᠷ ᠵᠠᠰᠠᠭ ᠤᠨ ᠶᠠᠪᠤᠳᠠᠯ ᠤᠨ ᠶᠡᠭᠡ ᠲᠢᠩᠬᠢᠮ ᠳᠤ ᠣᠷᠣᠵᠤ ᠰᠠᠭᠤᠭᠰᠠᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠢ ᠳᠣᠭᠢᠷᠠᠭᠤᠯᠤᠨ ᠬᠤᠪᠢᠷᠠᠭᠤᠯᠬᠤ ᠴᠢᠬᠤᠯᠠᠲᠠᠶ ᠪᠠᠶᠢᠪᠠᠯ᠂ ᠬᠤᠰᠢᠭᠤᠨ ᠤ ᠬᠠᠤᠯᠢ | ᠴᠠᠭᠠᠵᠠ ᠶᠢᠨ ᠲᠣᠪᠴᠢᠶ᠎ᠠ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠶᠢᠨ ᠬᠠᠮᠲᠤ ᠴᠠᠭ ᠲᠤᠬᠠᠶ ᠳᠤᠨᠢ ᠬᠤᠰᠢᠭᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳᠤ ᠲᠣᠬᠢᠷᠠᠭᠤᠯᠤᠯᠲᠠ ᠬᠢᠬᠦ᠂ ᠬᠤᠪᠢᠷᠠᠭᠤᠯᠬᠤ ᠭᠤᠶᠤᠴᠢᠯᠠᠯ | ᠭᠠᠷᠭᠠᠬᠤ ᠬᠡᠷᠡᠭᠲᠡᠶ᠃ | ᠳᠥᠷᠪᠡ᠂ ᠵᠦᠢᠯᠡᠰ ᠢ ᠭᠦᠢᠴᠡᠳᠬᠡᠬᠦ ᠴᠣᠩᠬᠤᠪᠴᠢ ᠶᠢᠨ ᠬᠠᠮᠢᠶᠠᠷᠤᠯᠲᠠ | ᠡᠯ᠎ᠡ ᠵᠠᠰᠠᠭ ᠵᠠᠬᠢᠷᠭᠠᠨ ᠤ ᠪᠠᠶᠢᠭᠤᠯᠭ᠎ᠠ ᠪᠣᠯᠣᠨ ᠬᠤᠯᠪᠣᠭᠳᠠᠯ ᠪᠦᠬᠦᠢ ᠨᠢᠭᠡᠴᠡ ᠶᠢᠨ ᠪᠠᠶᠢᠭᠤᠯᠤᠭᠰᠠᠨ ᠶᠡᠭᠡ | ᠲᠢᠩᠬᠢᠮ ᠤᠨ ᠠᠵᠢᠯ ᠤᠨ ᠴᠣᠩᠬᠤᠪᠴᠢ ᠨᠢ ᠲᠤᠰ ᠰᠠᠯᠠᠭ᠎ᠠ ᠮᠥᠴᠢᠷ ᠤᠨ ᠢᠶᠠᠨ ᠡᠮᠦᠨ᠎ᠡ ᠠᠴᠠ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠨ᠎ᠡ᠃ ᠡᠯ᠎ᠡ ᠵᠠᠰᠠᠭ ᠵᠠᠬᠢᠷᠭᠠᠨ ᠤ ᠪᠠᠶᠢᠭᠤᠯᠭ᠎ᠠ ᠪᠠ ᠬᠤᠯᠪᠣᠭᠳᠠᠯ ᠪᠥᠬᠦᠶ | ᠨᠢᠭᠡᠴᠡ ᠨᠦᠭᠦᠳ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠠᠷᠠᠳ ᠲᠤ ᠲᠥᠬᠦᠮ ᠦᠵᠡᠭᠦᠯᠬᠦ | ᠵᠠᠷᠴᠢᠮ ᠶᠣᠰᠣᠭᠠᠷ᠂ ᠶᠡᠭᠡ ᠲᠢᠩᠬᠢᠮ ᠤᠨ ᠠᠵᠢᠯ ᠤᠨ ᠴᠣᠩᠬᠤᠪᠴᠢ ᠳᠤ ᠭᠦᠢᠴᠡᠳᠭᠡᠬᠦ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠤᠨ ᠨᠡᠷᠡᠶᠢᠳᠦᠯ᠂ ᠪᠣᠳᠠᠲᠠᠶ ᠡᠷᠬᠡ ᠮᠡᠳᠡᠯ ᠤᠨ ᠬᠡᠪᠴᠢᠶ᠎ᠡ ᠶᠢ ᠪᠢᠴᠢᠭ ᠤᠨ ᠬᠡᠯᠪᠡᠷᠢ ᠪᠠᠷ | ᠲᠣᠳᠣᠷᠬᠠᠶᠢᠯᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳᠤ ᠳᠠᠩᠰᠠᠯᠠᠭᠤᠯᠬᠤ ᠶᠢᠨ ᠬᠠᠮᠲᠤ | ᠨᠡᠶᠢᠭᠡᠮ ᠳᠤ ᠢᠯᠡ ᠨᠡᠶᠢᠲᠡᠯᠡᠬᠦ ᠬᠡᠷᠡᠭᠲᠡᠶ᠃ ᠵᠠᠰᠠᠭ ᠤᠨ ᠶᠠᠪᠤᠳᠠᠯ ᠤᠨ ᠲᠢᠩᠬᠢᠮ ᠳᠤ ᠣᠷᠣᠵᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠲᠥᠪᠯᠡᠷᠡᠭᠦᠯᠦᠨ ᠭᠥᠯᠢᠶᠡᠨ ᠠᠪᠴᠤ ᠰᠢᠢᠳᠪᠦᠷᠢᠯᠡᠬᠦ᠂ ᠭᠦᠢᠴᠡᠳᠬᠡᠬᠦ | ᠬᠤᠰᠢᠭᠤᠨ ᠤ ᠬᠤᠯᠪᠣᠭᠳᠠᠯ ᠪᠥᠬᠦᠶ ᠵᠠᠰᠠᠭ ᠵᠠᠬᠢᠷᠭᠠᠨ ᠤ ᠪᠠᠶᠢᠭᠤᠯᠭ᠎ᠠ ᠪᠠ ᠨᠢᠭᠡᠴᠡ ᠨᠢ ᠵᠠᠰᠠᠭ ᠤᠨ ᠶᠠᠪᠤᠳᠠᠯ ᠤᠨ | ᠶᠡᠭᠡ ᠲᠢᠩᠬᠢᠮ ᠳᠤ ᠶᠡᠷᠦᠩᠬᠡᠶᠢᠯᠡᠭᠰᠡᠨ ᠴᠣᠩᠬᠤᠪᠴᠢ ᠳᠣᠭᠢᠷᠠᠭᠤᠯᠵᠤ᠂ ᠲᠦᠷᠦᠭᠦᠤ ᠲᠥᠯᠥᠭᠡᠯᠡᠭᠴᠢ ᠪᠠ ᠠᠵᠢᠯᠲᠠᠨ | ︵ᠳᠣᠷᠣᠭᠰᠢ ᠴᠣᠩᠬᠤᠪᠴᠢ ᠶᠢᠨ ᠠᠵᠢᠯᠲᠠᠨ ᠭᠡᠵᠦ ᠲᠣᠪᠴᠢᠯᠠᠨ᠎ᠠ︶ ᠢ ᠲᠣᠮᠢᠯᠠᠨ ᠰᠠᠭᠤᠯᠭᠠᠬᠤ ᠶᠢᠨ ᠬᠠᠮᠲᠤ | ᠶᠡᠷᠦᠩᠬᠡᠶᠢᠯᠡᠭᠰᠡᠨ ᠴᠣᠩᠬᠤᠪᠴᠢ ᠶᠢᠨ ᠵᠠᠭᠪᠤᠷ ᠢᠶᠠᠷ ᠭᠦᠢᠴᠡᠳᠭᠡᠬᠦ ᠬᠡᠷᠡᠭᠲᠡᠶ᠃ | ᠲᠠᠪᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠦᠢᠴᠡᠳᠬᠡᠬᠦ ᠳᠡᠰ ᠳᠠᠷᠠᠭᠠᠯᠠᠯ | 1. ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠦᠢᠴᠡᠳᠬᠡᠬᠦ ᠪᠠᠷ ᠭᠤᠶᠤᠴᠢᠯᠠᠬᠤ | ᠭᠤᠶᠤᠴᠢᠯᠠᠯ ᠤᠨ ᠪᠢᠴᠢᠭ ᠲᠤ ᠡᠷᠬᠡᠪᠰᠢ ᠬᠡᠯᠪᠡᠷᠢᠵᠢᠭᠰᠡᠨ ᠲᠣᠪᠬᠢᠮᠠᠯ ᠢ ᠬᠡᠷᠡᠭᠯᠡᠬᠦ ᠬᠡᠷᠡᠭᠲᠡᠶ᠂ ᠬᠤᠯᠪᠣᠭᠳᠠᠯ ᠪᠥᠬᠦᠶ | ᠰᠠᠯᠠᠭ᠎ᠠ ᠮᠥᠴᠢᠷ ᠪᠠ ᠨᠢᠭᠡᠴᠡ ᠨᠦᠭᠦᠳ ᠭᠤᠶᠤᠴᠢᠯᠠᠭᠴᠢ ᠳᠤ ᠭᠤᠶᠤᠴᠢᠯᠠᠯ ᠤᠨ ᠪᠢᠴᠢᠭ ᠤᠨ ᠬᠡᠯᠪᠡᠷᠢᠵᠢᠭᠰᠡᠨ | ᠲᠣᠪᠬᠢᠮᠠᠯ ᠢ ᠬᠠᠷᠢᠭᠤᠴᠠᠨ ᠬᠠᠩᠭᠠᠬᠤ ᠬᠡᠷᠡᠭᠲᠡᠶ᠃ ᠵᠠᠰᠠᠭ ᠤᠨ ᠶᠠᠪᠤᠳᠠᠯ ᠤᠨ ᠲᠥᠪ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠪᠣᠯᠤᠨ ᠨᠢᠭᠡᠴᠡ ᠨᠦᠭᠦᠳ ᠬᠢᠨᠠᠨ ᠲᠣᠭᠲᠠᠭᠠᠭᠰᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠠᠵᠢᠯ | ᠶᠠᠪᠤᠳᠠᠯ ᠭᠦᠢᠴᠡᠳᠭᠡᠬᠦ ᠵᠢᠭᠠᠯᠲᠠ ᠪᠠ ᠬᠡᠯᠪᠡᠷᠢᠵᠢᠭᠰᠡᠨ ᠪᠢᠴᠢᠭ ᠢᠶᠠᠨ ᠲᠡᠭᠦᠨ ᠤ ᠰᠦᠯᠵᠢᠶᠡᠨ ᠳᠡᠭᠡᠷ᠎ᠡ | ᠨᠡᠶᠢᠲᠡᠯᠡᠬᠦ ᠶᠢᠨ ᠬᠠᠮᠲᠤ ᠣᠯᠠᠨ ᠨᠡᠶᠢᠲᠡ ᠶᠢᠨ ᠰᠦᠢᠳᠬᠡᠯ ᠬᠤᠷᠢᠶᠠᠬᠤ ᠦᠭᠡᠢ ᠪᠠᠷ ᠪᠠᠭᠤᠯᠭᠠᠨ ᠠᠪᠬᠤ ᠶᠢ | ᠵᠥᠪᠰᠢᠶᠡᠷᠡᠬᠦ ᠬᠡᠷᠡᠭᠲᠡᠢ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ | ᠪᠣᠯᠤᠨ ᠭᠤᠶᠤᠴᠢᠯᠠᠯ ᠤᠨ ᠪᠢᠴᠢᠭ ᠤᠨ ᠬᠡᠯᠪᠡᠷᠢ ᠶᠢᠨ ᠪᠢᠴᠢᠭ ᠲᠤ ᠬᠤᠪᠢᠷᠠᠯᠲᠠ ᠭᠠᠷᠪᠠᠯ᠂ ᠴᠠᠭ ᠲᠤᠬᠠᠶ ᠳᠤᠨᠢ | ᠰᠢᠨᠡᠳᠬᠡᠬᠦ ᠬᠡᠷᠡᠭᠲᠡᠶ᠃ | 2. ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠬᠠᠤᠯᠢ ᠶᠣᠰᠣᠭᠠᠷ ᠭᠦᠢᠴᠡᠳᠬᠡᠬᠦ ᠳᠤ ᠬᠠᠤᠯᠢ ᠪᠠᠷ ᠵᠢᠭᠠᠭᠰᠠᠨ | ᠬᠤᠭᠤᠴᠠᠭᠠᠨ ᠳᠤ ᠠᠮᠠᠯᠠᠯᠲᠠ ᠬᠢᠬᠦ ᠬᠡᠷᠡᠭᠲᠡᠶ᠂ ᠲᠡᠭᠦᠨ ᠤ ᠠᠮᠠᠯᠠᠯᠲᠠ ᠶᠢᠨ ᠬᠤᠭᠤᠴᠠᠭ᠎ᠠ ᠨᠢ ᠲᠣᠰ ᠰᠠᠯᠠᠭ᠎ᠠ | ᠮᠥᠴᠢᠷ ᠤᠨ ᠲᠣᠰ ᠵᠠᠰᠠᠭ ᠵᠠᠬᠢᠷᠭᠠᠨ ᠤ ᠵᠥᠪᠰᠢᠶᠡᠷᠡᠯ ᠤᠨ ᠡᠴᠦᠰ ᠤᠨ ᠬᠤᠭᠤᠴᠠᠭ᠎ᠠ ᠪᠣᠯᠤᠨ᠎ᠠ᠃ ᠬᠠᠤᠯᠢ | ᠶᠣᠰᠣᠭᠠᠷ ᠭᠡᠷᠡᠴᠢᠯᠡᠭᠡ ᠰᠣᠨᠣᠰᠬᠤ᠂ ᠳᠠᠭᠠᠭᠠᠴᠢᠯᠠᠯᠲᠠ ᠵᠠᠷᠯᠠᠬᠤ᠂ ᠦᠨ᠎ᠡ ᠬᠠᠶᠠᠵᠤ ᠬᠤᠳᠠᠯᠳᠤᠬᠤ᠂ ᠰᠢᠯᠭᠠᠨ | ᠪᠠᠶᠢᠴᠠᠭᠠᠬᠤ᠂ ᠪᠠᠶᠢᠴᠠᠭᠠᠨ ᠬᠡᠮᠵᠢᠬᠦ᠂ ᠬᠢᠵᠢᠭ ᠪᠠᠶᠢᠴᠠᠭᠠᠬᠤ᠂ ᠬᠢᠨᠠᠨ ᠲᠣᠭᠲᠠᠭᠠᠬᠤ ᠪᠠ ᠲᠤᠰᠬᠠᠶ ᠮᠡᠷᠭᠡᠵᠢᠯᠲᠡᠨ ᠤ | ᠬᠢᠨᠠᠨ ᠲᠣᠭᠲᠠᠭᠠᠬᠤ ᠳᠤ ᠬᠡᠷᠡᠭᠰᠡᠬᠦ ᠴᠠᠭ ᠬᠤᠭᠤᠴᠠᠭ᠎ᠠ ᠶᠢ ᠠᠵᠢᠯ ᠶᠠᠪᠤᠳᠠᠯ ᠡᠷᠬᠢᠯᠡᠬᠦ ᠵᠦᠭᠯᠡᠭᠦᠷ ᠳᠡᠭᠡᠨ ᠮᠡᠳᠡᠭᠳᠡᠬᠦ | ᠬᠡᠷᠡᠭᠲᠡᠶ᠃ | 3. ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠡᠷᠬᠡ ᠲᠤᠰᠢᠶᠠᠯ ᠤᠨ ᠬᠡᠪᠴᠢᠶᠡᠨ ᠳᠤ ᠬᠠᠷᠢᠶᠠᠯᠠᠭᠳᠠᠵᠤ᠂ | ᠭᠤᠶᠤᠴᠢᠯᠠᠬᠤ ᠮᠠᠲ᠋ᠧᠷᠢᠶᠠᠯ ᠨᠢ ᠪᠦᠷᠢᠨ ᠭᠦᠢᠴᠡᠳ᠂ ᠬᠠᠤᠯᠢ ᠪᠠᠷ ᠲᠣᠭᠲᠠᠭᠠᠭᠰᠠᠨ ᠬᠡᠯᠪᠡᠷᠢ ᠳᠤ ᠨᠡᠶᠢᠴᠡᠭᠰᠡᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠭᠤᠶᠤᠴᠢᠯᠠᠯ ᠢ ᠵᠠᠰᠠᠭ ᠤᠨ ᠶᠠᠪᠤᠳᠠᠯ ᠤᠨ ᠶᠡᠭᠡ | ᠲᠢᠩᠬᠢᠮ ᠤᠨ ᠶᠡᠷᠦᠩᠬᠡᠶᠢᠯᠡᠭᠰᠡᠨ ᠴᠣᠩᠬᠤᠪᠴᠢ ᠪᠠᠷ ᠬᠦᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ᠂ | ᠭᠤᠶᠤᠴᠢᠯᠠᠭᠴᠢ ᠳᠤ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠵᠥᠪᠰᠢᠶᠡᠷᠡᠯ ᠤᠨ ᠲᠤᠰᠬᠠᠶ | ᠲᠠᠮᠠᠭ᠎ᠠ ᠪᠠ ᠬᠦᠯᠢᠶᠡᠨ ᠠᠪᠴᠤ ᠰᠢᠢᠳᠪᠦᠷᠢᠯᠡᠬᠦ ᠡᠳᠦᠷ ᠬᠤᠭᠤᠴᠠᠭ᠎ᠠ ᠶᠢ ᠲᠣᠳᠣᠷᠬᠠᠶ ᠲᠡᠮᠳᠡᠭᠯᠡᠭᠰᠡᠨ ᠵᠠᠰᠠᠭ | ᠵᠠᠬᠢᠷᠭᠠᠨ ᠤ ᠵᠥᠪᠰᠢᠶᠡᠷᠡᠯ ᠤᠨ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠮᠡᠳᠡᠭᠳᠡᠯ ᠤᠨ ᠪᠢᠴᠢᠭ ᠭᠠᠷᠭᠠᠵᠤ | ᠥᠭᠬᠦ ᠬᠡᠷᠡᠭᠲᠡᠶ᠃ ᠭᠦᠢᠴᠡᠳᠭᠡᠬᠦ ᠬᠤᠭᠤᠴᠠᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠡᠳᠦᠷ ᠠᠴᠠ ᠡᠬᠢᠯᠡᠵᠦ | ᠲᠣᠭᠠᠴᠠᠨ᠎ᠠ᠃ ᠭᠤᠶᠤᠴᠢᠯᠠᠭᠰᠠᠨ ᠵᠦᠢᠯᠡᠰ ᠨᠢ ᠬᠠᠤᠯᠢ ᠶᠣᠰᠣᠭᠠᠷ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ | ᠡᠷᠬᠡ ᠲᠤᠰᠢᠶᠠᠯ ᠤᠨ ᠬᠡᠪᠴᠢᠶᠡᠨ ᠳᠤ ᠬᠠᠷᠢᠶᠠᠯᠠᠭᠳᠠᠬᠤ ᠦᠭᠡᠶ ᠪᠣᠯ᠂ ᠴᠠᠭ ᠲᠤᠬᠠᠶ ᠳᠤᠨᠢ ᠬᠦᠯᠢᠶᠡᠨ ᠠᠪᠴᠤ | ᠰᠢᠢᠳᠪᠦᠷᠢᠯᠡᠬᠦ ᠦᠭᠡᠶ ᠭᠡᠰᠡᠨ ᠲᠣᠭᠲᠠᠭᠠᠯ ᠭᠠᠷᠭᠠᠬᠤ ᠶᠢᠨ ᠬᠠᠮᠲᠤ ᠭᠤᠶᠤᠴᠢᠯᠠᠭᠴᠢ ᠳᠤ ᠬᠤᠯᠪᠣᠭᠳᠠᠯ ᠪᠦᠬᠦᠢ | ᠵᠠᠰᠠᠭ ᠵᠠᠬᠢᠷᠭᠠᠨ ᠤ ᠪᠠᠶᠢᠭᠤᠯᠭ᠎ᠠ ᠳᠤ ᠭᠤᠶᠤᠴᠢᠯᠠᠭᠤᠯᠬᠤ ᠪᠠᠷ ᠮᠡᠳᠡᠭᠳᠡᠬᠦ ᠬᠡᠷᠡᠭᠲᠡᠶ᠃ | 4. ᠭᠤᠶᠤᠴᠢᠯᠠᠬᠤ ᠮᠠᠲ᠋ᠧᠷᠢᠶᠠᠯ ᠨᠢ ᠪᠦᠷᠢᠨ ᠪᠤᠰᠤ ᠪᠤᠶᠤ ᠬᠠᠤᠯᠢ ᠪᠠᠷ ᠲᠣᠭᠲᠠᠭᠠᠭᠰᠠᠨ ᠬᠡᠯᠪᠡᠷᠢ ᠳᠤ ᠨᠡᠶᠢᠴᠡᠬᠦ | ᠦᠭᠡᠢ ᠪᠠᠶᠢᠪᠠᠯ᠂ ᠵᠠᠰᠠᠭ ᠤᠨ ᠶᠠᠪᠤᠳᠠᠯ ᠤᠨ ᠲᠢᠩᠬᠢᠮ ᠤᠨ ᠡᠯ᠎ᠡ ᠶᠡᠷᠦᠩᠬᠡᠶᠢᠯᠡᠭᠰᠡᠨ ᠴᠣᠩᠬᠤᠪᠴᠢ ᠨᠢ | ᠭᠤᠶᠤᠴᠢᠯᠠᠯ ᠤᠨ ᠮᠠᠲ᠋ᠧᠷᠢᠶᠠᠯ ᠢ ᠣᠯᠵᠤ ᠠᠪᠤᠭᠰᠠᠨ ᠲᠤᠬᠠᠶ ᠶᠢᠨ ᠲᠠᠯᠠᠪᠤᠷ ᠲᠤ ᠭᠤᠶᠤᠴᠢᠯᠠᠭᠴᠢ ᠳᠤ ᠨᠥᠬᠦᠪᠥᠷᠢᠯᠡᠨ | ᠵᠠᠯᠠᠷᠠᠭᠤᠯᠬᠤ ᠴᠢᠬᠤᠯᠠᠲᠠᠶ ᠪᠥᠬᠦ ᠮᠠᠲ᠋ᠧᠷᠢᠶᠠᠯ ᠢ ᠨᠢᠭᠡ ᠯᠡ ᠤᠳᠠᠭ᠎ᠠ ᠶᠢᠨ ᠴᠢᠨᠠᠷᠲᠠᠶ ᠪᠠᠷ ᠭᠤᠶᠤᠴᠢᠯᠠᠭᠴᠢ ᠳᠤ | ᠮᠡᠳᠡᠭᠳᠡᠬᠦ ᠶᠢᠨ ᠬᠠᠮᠲᠤ ᠭᠤᠶᠤᠴᠢᠯᠠᠭᠴᠢ ᠳᠤ ︽ᠨᠢᠭᠡ ᠯᠡ ᠤᠳᠠᠭ᠎ᠠ ᠶᠢᠨ ᠴᠢᠨᠠᠷᠲᠠᠶ ᠪᠠᠷ ᠮᠡᠳᠡᠭᠳᠡᠬᠦ ᠮᠡᠳᠡᠭᠳᠡᠯ ᠤᠨ | ᠪᠢᠴᠢᠭ︾ ᠭᠠᠷᠭᠠᠵᠤ ᠥᠭᠬᠦ ᠬᠡᠷᠡᠭᠲᠡᠶ᠃ | 5. ᠬᠠᠤᠯᠢ ᠶᠣᠰᠣᠭᠠᠷ ᠬᠦᠯᠢᠶᠡᠨ ᠠᠪᠴᠤ ᠰᠢᠢᠳᠪᠦᠷᠢᠯᠡᠬᠦ ᠦᠭᠡᠢ ᠲᠣᠭᠲᠠᠭᠠᠯ ᠭᠠᠷᠭᠠᠭᠰᠠᠨ ᠪᠠᠶᠢᠪᠠᠯ᠂ | ᠶᠡᠷᠦᠩᠬᠡᠶᠢᠯᠡᠭᠰᠡᠨ ᠴᠣᠩᠬᠤᠪᠴᠢ ᠪᠠᠷ ᠭᠤᠶᠤᠴᠢᠯᠠᠭᠴᠢ ᠳᠤ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠤᠨ ᠲᠤᠰᠬᠠᠶ ᠲᠠᠮᠠᠭ᠎ᠠ ᠪᠠ ᠡᠳᠦᠷ ᠬᠤᠭᠤᠴᠠᠭ᠎ᠠ ᠶᠢ ᠲᠣᠳᠣᠷᠬᠠᠶ | ᠲᠡᠮᠳᠡᠭᠯᠡᠭᠰᠡᠨ ︽ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠦᠭᠡᠢ ᠮᠡᠳᠡᠭᠳᠡᠯ ᠤᠨ ᠪᠢᠴᠢᠭ︾ | ᠭᠠᠷᠭᠠᠬᠤ ᠶᠢᠨ ᠬᠠᠮᠲᠤ ᠮᠡᠳᠡᠭᠳᠡᠯ ᠤᠨ ᠪᠢᠴᠢᠭ ᠳᠡᠭᠡᠷ᠎ᠡ ᠪᠣᠳᠠᠲᠠᠢ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ | ᠬᠡᠷᠡᠭᠲᠡᠶ᠃ | 6. ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ ᠡᠯ᠎ᠡ ᠶᠡᠷᠦᠩᠬᠡᠶᠢᠯᠡᠭᠰᠡᠨ ᠴᠤᠩᠬᠤᠪᠴᠢ ᠶᠢᠨ ᠪᠠᠶᠢᠭ᠎ᠠ ᠰᠠᠯᠠᠭ᠎ᠠ | ᠮᠥᠴᠢᠷ ᠤᠨ ᠭᠠᠷᠭᠠᠭᠰᠠᠨ ᠵᠥᠪᠰᠢᠶᠡᠷᠡᠯ᠂ ᠬᠢᠨᠠᠨ ᠵᠥᠪᠰᠢᠶᠡᠷᠡᠯ ᠤᠨ ᠲᠣᠭᠲᠠᠭᠠᠯ ᠤᠨ ᠬᠠᠮᠢᠶ᠎ᠠ ᠪᠥᠬᠦᠶ ᠮᠡᠳᠡᠭᠡ | ᠵᠠᠩᠭᠢ ᠶᠢ ᠨᠡᠶᠢᠲᠡᠯᠡᠬᠦ ᠬᠡᠷᠡᠭᠲᠡᠶ᠂ ᠣᠯᠠᠨ ᠲᠦᠮᠡᠨ ᠰᠦᠢᠳᠬᠡᠯ ᠳᠤᠰᠢᠶᠠᠬᠤ ᠥᠬᠡᠶ ᠪᠠᠷ ᠪᠠᠶᠢᠴᠠᠭᠠᠨ ᠦᠵᠡᠬᠦ | ᠡᠷᠬᠡ ᠲᠠᠢ᠃ | 7. ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠡᠯᠧᠺᠲᠷᠣᠨ ᠵᠠᠰᠠᠭ ᠤᠨ | ᠶᠠᠪᠤᠳᠠᠯ ᠤᠨ ᠪᠠᠶᠢᠭᠤᠯᠤᠯᠲᠠ ᠶᠢ ᠠᠬᠢᠭᠤᠯᠵᠤ᠂ ᠰᠦᠯᠵᠢᠶᠡᠨ ᠳᠡᠭᠡᠷ᠎ᠡ ᠭᠥᠯᠢᠶᠡᠨ ᠠᠪᠴᠤ ᠰᠢᠢᠳᠪᠦᠷᠢᠯᠡᠬᠦ᠂ | ᠰᠦᠯᠵᠢᠶᠡᠨ ᠳᠡᠭᠡᠷ᠎ᠡ ᠵᠥᠪᠰᠢᠶᠡᠷᠡᠬᠦ᠂ ᠬᠢᠨᠠᠨ ᠵᠥᠪᠰᠢᠶᠡᠷᠡᠬᠦ ᠠᠵᠢᠯ ᠢ ᠠᠯᠬᠤᠮ ᠠᠯᠬᠤᠮ ᠢᠶᠠᠷ ᠥᠷᠨᠢᠭᠦᠯᠵᠦ᠂ | ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠬᠠᠷᠢᠯᠴᠠᠨ ᠠᠭᠤᠰᠤᠯᠴᠠᠭᠤᠯᠵᠤ᠂ ᠪᠥᠬᠦ ᠶᠠᠪᠤᠴᠠ ᠶᠢ | ᠰᠦᠯᠵᠢᠶᠡᠨ ᠳᠡᠭᠡᠷ᠎ᠡ ᠭᠦᠢᠴᠡᠳᠭᠡᠬᠦ ᠶᠢ ᠠᠬᠢᠭᠤᠯᠬᠤ ᠬᠡᠷᠡᠭᠲᠡᠶ᠃ | 8. ᠪᠥᠬᠦ ᠬᠤᠰᠢᠭᠤᠨ ᠤ ᠠᠷᠠᠯᠵᠢᠶᠠᠴᠢᠨ ᠤᠷᠢᠵᠤ ᠪᠠᠯᠠ ᠲᠠᠲᠠᠬᠤ ᠴᠢᠬᠤᠯᠠ ᠶᠡᠭᠡ ᠲᠥᠷᠥᠯ ᠵᠦᠢᠯ ᠪᠤᠶᠤ | ᠣᠨᠴᠠᠭᠠᠶ ᠤᠴᠢᠷ ᠶᠠᠪᠤᠳᠠᠯ ᠢ ᠣᠨᠴᠠᠭᠠᠶ ᠰᠢᠢᠳᠪᠦᠷᠢᠯᠡᠬᠦ ᠴᠢᠬᠤᠯᠠᠲᠠᠶ ᠵᠦᠢᠯᠡᠰ᠂ ᠲᠡᠭᠦᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠦᠢᠴᠡᠳᠬᠡᠬᠦ ᠳᠤ ᠰᠢᠭᠤᠳ ︽ᠰᠠᠭᠠᠳ ᠥᠬᠡᠶ ᠨᠡᠪᠲᠡᠷᠡᠬᠦ ᠵᠠᠮ︾ | ᠪᠤᠶᠤ ᠲᠤᠬᠠᠶ ᠶᠢᠨ ᠬᠥᠮᠦᠨ ᠤ ᠵᠠᠰᠠᠭ ᠤᠨ ᠶᠠᠪᠤᠳᠠᠯ ᠤᠨ ᠲᠥᠪ ᠲᠤ ᠨᠠᠶᠢᠳᠠᠵᠤ ᠪᠥᠬᠦ ᠶᠠᠪᠤᠴᠠ ᠳᠤ ᠣᠷᠣᠯᠠᠨ | ᠭᠦᠢᠴᠡᠳᠬᠡᠬᠦ ᠠᠵᠢᠯ ᠢ ᠬᠠᠷᠢᠭᠤᠴᠠᠭᠤᠯᠵᠤ ᠪᠣᠯᠤᠨ᠎ᠠ᠃ | ᠵᠢᠷᠭᠤᠭ᠎ᠠ᠂ ᠬᠡᠷᠡᠭᠵᠢᠭᠦᠯᠬᠦ ᠴᠠᠭ ᠬᠤᠭᠤᠴᠠᠭ᠎ᠠ | ᠲᠤᠰ ᠠᠷᠭ᠎ᠠ ᠶᠢ ᠵᠥᠪᠰᠢᠶᠡᠷᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠢ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠰᠦᠯᠵᠢᠶ᠎ᠡ ᠠᠴᠠ ᠦᠵᠡᠭᠡᠷᠡᠢ ︕ |