2024 ᠣᠨ ᠳᠤ ᠤᠰᠤᠨ ᠴᠥᠭᠦᠷᠥᠮ ᠤᠨ ᠨᠡᠭᠦᠳᠡᠯ ᠠᠷᠠᠳ ᠤᠨ ᠰᠡᠭᠦᠯᠴᠢ ᠶᠢᠨ ᠬᠤᠭᠤᠴᠠᠭᠠᠨ ᠤ ᠠᠷᠠᠳ ᠤᠨ ᠠᠮᠢᠳᠤᠷᠠᠯ ᠢ ᠲᠡᠳᠬᠦᠬᠦ ᠪᠣᠳᠠᠲᠤ ᠶᠠᠪᠤᠳᠠᠯ ᠤᠨ ᠲᠥᠷᠥᠯ ᠵᠦᠢᠯ ᠢ ᠲᠣᠭᠲᠠᠭᠰᠠᠨ ᠬᠤᠭᠤᠴᠠᠭᠠᠨ ᠳᠤ ᠳᠠᠭᠤᠰᠬᠠᠪᠠ
ᠨᠡᠶᠢᠲᠡᠯᠡᠭᠰᠡᠨ ᠴᠠᠭ᠄
2024/11/20
    ᠠᠤᠬᠠᠨ ᠬᠤᠰᠢᠭᠤᠨ ᠤ ᠾᠦᠢ ᠵᠸᠦ ᠵᠡᠭᠡᠯᠢ ᠭᠤᠳᠤᠮᠵᠢ ᠶᠢᠨ  ᠬᠡᠷᠡᠭ ᠡᠷᠬᠢᠯᠡᠬᠦ ᠭᠠᠵᠠᠷ ᠤᠨ ᠰᠢᠨ ᠨᠠᠨ ᠲᠣᠰᠬᠤᠨ ᠤ ᠱᠦᠢᠨᠢ ᠶᠢᠨ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠠᠴᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ 6 ᠲᠥᠷᠥᠯ ᠵᠦᠢᠯ ᠤᠨ ᠨᠢᠭᠡ ᠶᠢ ᠪᠠᠲᠤᠯᠠᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠤᠷᠤᠭᠰᠢᠲᠠᠢ ᠬᠡᠷᠡᠭᠵᠢᠭᠦᠯᠦᠭᠳᠡᠬᠦ ᠶᠢ ᠪᠠᠲᠤᠯᠠᠬᠤ ᠶᠢᠨ ᠲᠥᠯᠥᠭᠡ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠤᠰᠤᠨ ᠴᠥᠭᠦᠷᠥᠮ ᠤᠨ ᠠᠷᠠᠳ ᠢ ᠨᠡᠭᠦᠯᠭᠡᠬᠦ ᠰᠡᠭᠦᠯᠴᠢ ᠶᠢᠨ ᠬᠤᠭᠤᠴᠠᠭᠠᠨ ᠤ ᠲᠡᠳᠬᠦᠨ ᠳᠡᠮᠵᠢᠬᠦ ᠪᠡᠯᠡ ᠮᠥᠩᠭᠦ ᠶᠢ 300 ᠲᠦᠮᠡᠨ ᠲᠥᠭᠦᠷᠢᠭ ᠴᠢᠷᠮᠠᠶᠢᠨ ᠣᠯᠵᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠵᠦ᠂ ᠣᠳᠣᠬᠠᠨ ᠳᠤ 7.1  ᠺᠢᠯᠦᠮᠧᠲᠷ ᠤᠨ ᠱᠦᠢᠨᠢ ᠵᠠᠮ ᠢ ᠨᠢᠭᠡᠨᠲᠡ ᠪᠦᠬᠦᠨ ᠢ  ᠪᠠᠷᠢᠵᠤ ᠳᠠᠭᠤᠰᠬᠠᠭᠰᠠᠨ ᠪᠥᠭᠡᠳ ᠠᠰᠢᠭᠯᠠᠯᠲᠠ ᠳᠤ ᠣᠷᠣᠭᠤᠯᠵᠤ᠂ ᠴᠥᠭᠦᠷᠥᠮ ᠤᠨ ᠠᠷᠠᠳ ᠢ ᠨᠡᠭᠦᠯᠭᠡᠬᠦ ᠵᠢᠴᠢ ᠲᠣᠰᠬᠤᠨ ᠤ ᠠᠷᠠᠳ ᠤᠨ ᠦᠢᠯᠡᠳᠪᠦᠷᠢᠯᠡᠯ ᠠᠮᠢᠳᠤᠷᠠᠯ᠂ ᠣᠷᠣᠰᠢᠨ ᠰᠠᠭᠤᠬᠤ ᠣᠷᠴᠢᠨ  ᠨᠦᠭᠦᠴᠡᠯ᠂ ᠵᠠᠮ ᠬᠠᠷᠢᠯᠴᠠᠭ᠎ᠠ ᠶᠠᠪᠤᠵᠤ ᠰᠠᠭᠤᠬᠤ ᠵᠡᠷᠭᠡ ᠨᠥᠬᠦᠴᠡᠯ ᠢ ᠶᠡᠭᠡ ᠪᠠᠷ ᠰᠠᠶᠢᠵᠢᠷᠠᠭᠤᠯᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号