ᠠᠣᠬᠠᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ ᠥᠨᠳᠥᠷ ᠬᠢᠷᠢ ᠲᠦᠪᠰᠢᠨ ᠪᠥᠬᠦᠶ ᠡᠮ ᠡᠮᠨᠡᠯᠭᠡ ᠡᠷᠡᠭᠦᠯ ᠬᠠᠮᠠᠭᠠᠯᠠᠯ ᠳᠣᠷᠣᠭᠰᠢ ᠪᠠᠭᠤᠵᠤ  ᠦᠢᠯᠡᠴᠢᠯᠡᠨ᠎ᠡ
ᠨᠡᠶᠢᠲᠡᠯᠡᠭᠰᠡᠨ ᠴᠠᠭ᠄
2024/11/20
    ᠤᠯᠤᠰ ᠤᠨ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠨᠢᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠨᠡᠶᠢᠭᠡᠮ ᠲᠣᠭᠤᠷᠢᠭ᠂ ᠬᠥᠳᠡᠭᠡ ᠲᠣᠰᠬᠤᠨ ᠤ ᠣᠯᠠᠨ ᠲᠦᠮᠡᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠪᠡᠷᠮᠢᠴᠡ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠠᠣᠬᠠᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ︽ᠡᠴᠦᠰ ᠤᠨ ᠨᠢᠭᠡ ᠺᠢᠯᠦᠮᠧᠲᠷ︾ ᠢ ᠨᠡᠪᠲᠡᠷᠡᠭᠦᠯᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠢ  ᠨᠡᠮᠡᠭᠳᠡᠭᠦᠯᠦᠨ᠎ᠡ᠃    ᠣᠶᠢᠯᠠᠭᠠᠭᠰᠠᠨ ᠢᠶᠠᠷ᠂ ᠣᠲᠣ ᠪᠣᠯᠲᠠᠯ᠎ᠠ ᠪᠥᠬᠦ ᠬᠤᠰᠢᠭᠤᠨ ᠤ ᠣᠷᠣᠯᠭ᠎ᠠ ᠪᠠᠭᠠᠲᠠᠶ ᠬᠥᠮᠦᠨ ᠠᠮᠠ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ ᠨᠣᠷᠮ᠎ᠠ ᠶᠢ 100% ᠳᠤ ᠬᠦᠷᠦᠭᠦᠯᠵᠦ᠂ ᠬᠦᠨᠳᠦ ᠡᠪᠡᠳᠴᠢᠲᠡᠨ ᠢ ᠵᠠᠰᠠᠬᠤ ᠶᠣᠰᠣᠲᠠᠶ ᠶᠢ ᠨᠢ ᠴᠥᠮ ᠵᠠᠰᠠᠵᠤ᠂ ᠤᠳᠠᠭᠠᠨ ᠴᠢᠨᠠᠷᠲᠠᠶ ᠡᠪᠡᠳᠴᠢᠲᠡᠨ ᠳᠤ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠬᠠᠮᠢᠶᠠᠷᠤᠯᠲᠠ ᠶᠢᠨ 100% ᠶᠢ ᠪᠡᠶᠡᠯᠡᠭᠦᠯᠵᠦ᠂ ᠪᠦᠬᠦᠯᠢ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠰᠦᠢᠳᠬᠡᠯ ᠬᠤᠷᠢᠶᠠᠬᠤ ᠥᠬᠡᠶ ᠪᠠᠷ ᠪᠡᠶ᠎ᠡ ᠶᠢᠨ ᠪᠠᠶᠢᠴᠠᠭᠠᠯᠲᠠ ᠬᠢᠭᠰᠡᠨ ᠨᠣᠷᠮ᠎ᠠ  70% ᠠᠴᠠ ᠳᠡᠭᠡᠭᠰᠢ ᠳᠤ ᠬᠦᠷᠪᠡ᠃ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠭᠡᠷ᠎ᠡ ᠲᠣᠭᠲᠠᠬᠤ ᠨᠣᠷᠮ᠎ᠠ ᠶᠢ 60 % ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠭᠤᠤᠯᠳᠠᠯᠭ᠎ᠠ ᠲᠠᠢ ᠬᠥᠮᠦᠰ ᠤᠨ ᠭᠡᠷ᠎ᠡ ᠲᠣᠭᠲᠠᠬᠤ ᠨᠣᠷᠮ᠎ᠠ ᠶᠢ 80 % ᠠᠴᠠ ᠳᠡᠭᠡᠭᠰᠢ ᠳᠤ ᠳᠣᠭᠲᠠᠪᠤᠷᠢᠵᠢᠭᠤᠯᠪᠠ︔ 2023 ᠣᠨ ᠠᠴᠠ ᠨᠠᠰᠢ᠂ ᠮᠠᠨ ᠤ ᠬᠤᠰᠢᠭᠤᠨ ᠤ ᠵᠢᠷᠮᠦᠰᠦᠨ ᠡᠮᠡᠭᠲᠡᠶ ᠶᠢᠨ ᠵᠢᠷᠮᠦᠰᠦᠨ ᠬᠤᠭᠤᠴᠠᠭ᠎ᠠ᠂ ᠨᠢᠷᠠᠢ ᠬᠡᠤᠬᠡᠳ᠂ ᠬᠡᠤᠬᠡᠳ ᠤᠨ ᠬᠤᠭᠤᠴᠠᠭᠠᠨ ᠤ ᠡᠯ᠎ᠡ ᠵᠦᠢᠯ ᠤᠨ ᠬᠦᠢᠴᠡᠳᠬᠡᠯ ᠲᠤᠭ᠎ᠠ ᠶᠢ ᠴᠥᠮ ᠲᠣᠭᠲᠠᠭᠤᠨ ᠢᠶᠠᠷ ᠡᠵᠡᠮᠳᠡᠪᠡ᠃ ᠵᠢᠷᠮᠦᠰᠦᠨ ᠡᠮᠡᠭᠲᠡᠶ ᠶᠢᠨ ᠬᠠᠮᠢᠶᠠᠷᠤᠯᠲᠠ ᠶᠢᠨ ᠨᠣᠷᠮ᠎ᠠ 98.51% ᠪᠠᠶᠢᠵᠤ᠂ ᠠᠶᠤᠯ ᠶᠡᠬᠡᠲᠡᠶ᠂ ᠬᠦᠨᠳᠦ ᠲᠦᠭᠰᠢᠭᠦᠷᠢᠲᠡᠶ ᠵᠢᠷᠮᠦᠰᠦᠨ ᠡᠮᠡᠭᠲᠡᠶ ᠶᠢᠨ ᠲᠤᠰᠬᠠᠶ ᠬᠡᠷᠡᠭ ᠤᠨ ᠬᠠᠮᠢᠶᠠᠷᠤᠯᠲᠠ ᠶᠢ 100% ᠳᠤ ᠬᠦᠷᠦᠭᠦᠯᠵᠦ᠂ ᠤᠷᠤᠭᠯᠠᠬᠤ ᠠᠴᠠ ᠡᠮᠦᠨᠡᠬᠢ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠶᠢᠨ ᠨᠣᠷᠮ᠎ᠠ 92.3% ᠠᠴᠠ ᠳᠡᠭᠡᠭᠰᠢ ᠳᠤ ᠬᠦᠷᠴᠦ᠂ ᠬᠥᠩᠭᠡᠵᠢᠬᠦ ᠠᠴᠠ ᠡᠮᠦᠨᠡᠬᠢ ᠰᠢᠭᠰᠢᠨ ᠪᠠᠶᠢᠴᠠᠭᠠᠬᠤ ᠨᠣᠷᠮ᠎ᠠ 96.95% ᠳᠤ ᠬᠦᠷᠴᠦ᠂ ᠡᠮᠨᠡᠯᠭᠡ ᠳᠤ ᠰᠠᠭᠤᠵᠤ ᠬᠥᠩᠭᠡᠵᠢᠬᠦ ᠨᠣᠷᠮ᠎ᠠ ᠶᠢ 100% ᠳᠤ ᠬᠦᠷᠦᠭᠦᠯᠪᠡ︔ ︽ᠡᠪᠡᠳᠴᠢᠨ ᠦᠵᠡᠭᠦᠯᠬᠦ ᠳᠤ ᠬᠦᠴᠢᠷᠲᠡᠶ᠂ ᠡᠪᠡᠳᠴᠢᠨ ᠦᠵᠡᠭᠦᠯᠬᠦ ᠳᠤ ᠦᠨᠡᠲᠡᠶ︾ ᠪᠠᠶᠢᠬᠤ ᠠᠰᠠᠭᠤᠳᠠᠯ ᠢ  ᠰᠢᠢᠳᠪᠦᠷᠢᠯᠡᠬᠦ ᠶᠢᠨ ᠲᠣᠭᠤᠷᠢᠨ ᠳᠤ᠂ ᠡᠮᠴᠢᠯᠡᠭᠡᠨ ᠤ ᠦᠢᠯᠡᠴᠢᠯᠡᠭᠡᠨ ᠤ ᠠᠵᠢᠯᠯᠠᠭ᠎ᠠ ᠶᠢᠨ ᠲᠥᠯᠥᠪᠯᠡᠭᠡ ᠶᠢ ᠭᠦᠨᠵᠡᠭᠡᠶᠢᠷᠡᠭᠦᠯᠦᠨ ᠰᠠᠶᠢᠵᠢᠷᠠᠭᠤᠯᠵᠤ᠂ ︽ᠬᠤᠶᠠᠷ ᠡᠪᠡᠳᠴᠢᠨ︾ ᠤ ᠡᠷᠡᠭᠦᠯ ᠮᠡᠨᠳᠦ ᠶᠢᠨ ᠬᠠᠮᠢᠶᠠᠷᠤᠯᠲᠠ ᠪᠠ ᠡᠮ ᠬᠡᠷᠡᠭᠯᠡᠬᠦ ︽ᠬᠠᠮᠢᠶᠠᠷᠬᠤ ᠶᠣᠰᠣᠲᠠᠶ ᠶᠢ ᠨᠢ ᠴᠥᠮ ᠬᠠᠮᠢᠶᠠᠷᠬᠤ︾ ᠶᠢ ᠪᠡᠶᠡᠯᠡᠭᠦᠯᠵᠦ᠂ ᠰᠠᠭᠤᠭᠠᠯᠢ ᠠᠷᠠᠳ ᠲᠤ ᠨᠠᠩ ᠳᠥᠭᠦᠮ ᠳᠥᠲᠡ᠂  ᠳᠣᠲᠤᠨᠤ᠂ ᠦᠷᠭᠦᠯᠵᠢᠯᠡᠭᠰᠡᠨ᠂ ᠶᠡᠷᠦᠩᠬᠡᠶᠢᠯᠡᠭᠰᠡᠨ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠦᠨᠡᠨᠬᠦ ᠬᠦᠷᠲᠡᠭᠡᠵᠦ᠂ ᠲᠦᠷᠭᠡᠨ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠪᠥᠬᠦ ᠲᠠᠯ᠎ᠠ ᠪᠠᠷ ᠪᠥᠬᠦ ᠦᠶᠡᠯᠡᠯ ᠤᠨ ᠬᠤᠭᠤᠴᠠᠭᠠᠨ ᠳᠤ ᠬᠠᠷᠢᠶ᠎ᠠ ᠣᠷᠣᠨ ᠤ 60 ᠲᠦᠮᠡᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢ ᠬᠠᠮᠠᠭᠠᠯᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号