| | 11 ᠰᠠᠷ᠎ᠠ ᠶᠢᠨ 20 ᠤ ᠡᠳᠦᠷ᠂ ᠠᠤᠬᠠᠨ ᠬᠤᠰᠢᠭᠤ᠂ ᠪᠸᠢᠢᠫᠢᠶᠣᠣ ᠬᠤᠳᠠ᠂ ᠴᠤᠤᠶᠠᠩ ᠰᠢᠶᠠᠨ᠂ | ᠵᠢᠶᠠᠨᠫᠢᠩ ᠰᠢᠶᠠᠨ ᠲᠦᠷᠪᠡᠨ ᠭᠠᠵᠠᠷ ᠤᠨ 2024 ᠣᠨ ᠤ ᠤᠢ ᠰᠢᠭᠤᠢ ᠨᠤᠲᠤᠭ ᠪᠡᠯᠴᠢᠭᠡᠷ ᠤᠨ ᠭᠠᠯ ᠢ | ᠰᠡᠷᠭᠡᠶᠢᠯᠡᠵᠦ ᠭᠠᠯ ᠤᠨᠲᠠᠷᠠᠭᠠᠬᠤ ᠶᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠠᠵᠢᠯ ᠤᠨ ᠬᠤᠷᠠᠯ | ᠮᠠᠨ ᠤ ᠬᠤᠰᠢᠭᠤᠨ ᠳᠤ ᠬᠤᠷᠠᠯᠳᠤᠪᠠ᠃ ᠪᠸᠢᠢᠫᠢᠶᠣᠣ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ | ᠵᠢᠦ ᠢᠦᠶ᠂ ᠴᠤᠤᠶᠠᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠵᠠᠰᠠᠭ ᠤᠨ | ᠣᠷᠳᠣᠨ ᠤ ᠳᠡᠳ᠋ ᠳᠠᠷᠤᠭ᠎ᠠ ᠵᠢᠶᠠᠨ ᠬᠤᠩ ᠸᠧᠶ᠂ ᠵᠢᠶᠠᠨᠫᠢᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠠᠨ ᠢᠦᠶ ᠵᠢᠶᠦ᠋ᠨ ᠬᠤᠷᠠᠯ ᠳᠤ ᠣᠷᠣᠯᠴᠠᠵᠤ | ᠶᠠᠷᠢᠶ᠎ᠠ ᠲᠠᠯᠪᠢᠪᠠ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶ ᠰᠢᠤᠢ ᠳ᠋ᠦᠩ ᠬᠤᠷᠠᠯ ᠢ | ᠡᠷᠭᠢᠯᠡᠪᠡ᠃ | ᠬᠤᠷᠠᠯ ᠳᠡᠭᠡᠷ᠎ᠡ᠂ ᠠᠤᠬᠠᠨ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ | ᠬᠠᠷᠢᠭᠤᠴᠠᠯᠭᠠᠲᠠᠨ ᠮᠠᠨ ᠤ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠵᠦ ᠭᠠᠯ | ᠤᠨᠲᠠᠷᠠᠭᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠲᠠᠨᠢᠯᠴᠠᠭᠤᠯᠪᠠ᠃ | | | | | ᠬᠤᠷᠠᠯ ᠠᠴᠠ᠂ ᠠᠤᠬᠠᠨ ᠬᠤᠰᠢᠭᠤ᠂ ᠪᠸᠢᠢᠫᠢᠶᠣᠣ ᠬᠤᠳᠠ᠂ ᠴᠣᠣᠶᠠᠩ ᠰᠢᠶᠠᠨ᠂ ᠵᠢᠶᠠᠨᠫᠢᠩ ᠰᠢᠶᠠᠨ ᠤ | ᠰᠣᠶᠣᠯ ᠢᠷᠭᠡᠨᠰᠢᠯ ᠨᠢ ᠣᠶᠢᠷᠠᠯᠴᠠᠭ᠎ᠠ᠂ ᠡᠬᠢ ᠪᠠᠶᠠᠯᠢᠭ ᠨᠢ ᠠᠳᠠᠯᠢᠪᠳᠣᠷ ᠪᠠᠶᠢᠵᠤ᠂ ᠬᠥᠭᠵᠢᠯᠲᠡ ᠶᠢᠨ ᠠᠰᠢᠭ | ᠲᠤᠰᠠ ᠨᠢ ᠬᠤᠯᠪᠣᠭ᠎ᠠ ᠲᠠᠢ ᠪᠥᠭᠡᠳ ᠭᠤᠣᠯᠳᠠᠯᠭ᠎ᠠ ᠲᠠᠢ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ | ᠭᠠᠯ ᠤᠨᠲᠠᠷᠠᠭᠠᠬᠤ ᠭᠠᠵᠠᠷ ᠣᠷᠣᠨ ᠪᠣᠯᠤᠨ᠎ᠠ᠃ ᠲᠦᠷᠪᠡᠨ ᠭᠠᠵᠠᠷ ᠤᠨ ᠡᠯ᠎ᠡ ᠰᠢᠶᠠᠩ ᠪᠠᠯᠭᠠᠰᠤ ᠲᠠᠢ ᠬᠥᠷᠰᠢᠯᠡᠵᠦ | ᠪᠠᠶᠢᠭ᠎ᠠ ᠬᠢᠯᠢ ᠬᠢᠵᠠᠭᠠᠷ ᠤᠨ ᠣᠢ ᠰᠢᠭᠤᠢ ᠨᠤᠲᠤᠭ ᠪᠡᠯᠴᠢᠭᠡᠷ ᠤᠨ ᠲᠠᠯᠠᠪᠠᠢ ᠶᠡᠭᠡ᠂ ᠬᠠᠮᠢᠶᠠᠷᠤᠨ ᠬᠠᠮᠠᠭᠠᠯᠠᠬᠤ | ᠡᠭᠦᠷᠭᠡ ᠬᠠᠷᠢᠭᠤᠴᠠᠯᠭ᠎ᠠ ᠬᠦᠨᠳᠦ᠂ ᠬᠥᠷᠰᠢ ᠵᠡᠷᠭᠡᠯᠡᠳᠡᠭᠡ ᠰᠢᠶᠠᠩ ᠪᠠᠯᠭᠠᠰᠤᠨ ᠤ ᠬᠢᠯᠢ ᠶᠢᠨ ᠵᠠᠭᠠᠭ ᠤᠨ ᠤᠢ | ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠤᠢ ᠰᠢᠭᠤᠢ ᠨᠤᠲᠤᠭ | ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠬᠤ ᠪᠣᠯ ᠲᠦᠷᠪᠡᠨ ᠭᠠᠵᠠᠷ ᠤᠨ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ | ᠪᠣᠯᠤᠨ᠎ᠠ᠃ ᠳᠥᠷᠪᠡᠨ ᠭᠠᠵᠠᠷ ᠤᠨ ᠡᠯ᠎ᠡ ᠬᠠᠮᠢᠶ᠎ᠠ ᠪᠥᠬᠦᠶ ᠨᠢᠭᠡᠴᠡ ᠨᠦᠭᠦᠳ ᠡᠨᠡ ᠬᠦ ᠬᠠᠷᠢᠭᠤᠴᠠᠯᠭ᠎ᠠ ᠶᠢ | ᠡᠭᠦᠷᠭᠡᠯᠡᠵᠦ᠂ ︽ᠣᠶ ᠰᠢᠭᠤᠶ ᠶᠢ ᠬᠠᠮᠠᠭᠠᠯᠠᠨ ᠭᠠᠯ ᠰᠡᠷᠭᠡᠶᠢᠯᠡᠬᠦ ᠪᠣᠯ ᠲᠡᠷᠢᠭᠦᠨ ᠴᠢᠬᠤᠯᠠ ᠶᠠᠪᠤᠳᠠᠯ ᠮᠥᠨ︾ ᠭᠡᠬᠦ | ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠠᠯᠢᠪᠠ ᠰᠤᠯᠠᠷᠠᠨ ᠲᠠᠶᠢᠪᠤᠰᠢᠷᠠᠬᠤ ᠰᠡᠳᠬᠢᠯᠭᠡ ᠪᠠ ᠭᠤᠷᠢᠳᠠᠬᠤ | ᠪᠣᠳᠣᠯ ᠢ ᠡᠷᠡᠰ ᠲᠡᠪᠴᠢᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠲᠣᠭᠲᠠᠴᠠ ᠶᠢ ᠪᠦᠷᠢᠨᠰᠢᠬᠦᠯᠵᠦ᠂ | ᠨᠡᠶᠢᠯᠡᠮᠡᠯ ᠬᠦᠴᠦᠨ ᠢ ᠴᠢᠩᠭᠠᠷᠠᠭᠤᠯᠤᠨ᠂ ᠴᠢᠩᠭ᠎ᠠ ᠬᠦᠴᠦᠲᠡᠶ ᠠᠷᠭ᠎ᠠ ᠬᠡᠮᠵᠢᠶ᠎ᠡ ᠪᠠᠷ ᠣᠶ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠵᠤ᠂ ᠣᠶ ᠰᠢᠭᠤᠶ ᠨᠤᠲᠤᠭ | ᠪᠡᠯᠴᠢᠭᠡᠷ ᠤᠨ ᠭᠠᠯ ᠤᠨ ᠠᠶᠤᠯ ᠭᠠᠷᠬᠤ ᠶᠢ ᠰᠡᠷᠭᠡᠶᠢᠯᠡᠬᠦ ᠬᠡᠷᠡᠭᠲᠡᠶ ᠭᠡᠵᠦ ᠴᠢᠬᠤᠯᠠᠴᠢᠯᠠᠪᠠ ᠃ | | | | | ᠬᠤᠷᠠᠯ ᠠᠴᠠ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠪᠠᠶᠢᠭᠤᠯᠬᠤ ᠲᠣᠭᠲᠠᠴᠠ ᠪᠣᠯᠤᠨ ᠦᠢᠯᠡᠳᠦᠯ | ᠴᠢᠳᠠᠪᠤᠷᠢ ᠶᠢ ᠦᠷᠭᠦᠯᠵᠢᠯᠡᠨ ᠰᠠᠶᠢᠲᠤᠷ ᠪᠠᠳᠠᠷᠠᠭᠤᠯᠬᠤ ᠶᠢᠨ ᠲᠥᠯᠥᠭᠡ᠂ ᠲᠦᠷᠪᠡᠨ ᠭᠠᠵᠠᠷ ᠤᠨ ᠡᠯ᠎ᠡ ᠬᠤᠯᠪᠣᠭᠳᠠᠯ | ᠪᠦᠬᠦᠢ ᠨᠢᠭᠡᠴᠡ ᠶᠢᠨ ᠬᠤᠭᠤᠷᠣᠨᠳᠣ ᠪᠠᠨ ᠭᠠᠯ ᠢ ᠰᠡᠷᠭᠡᠶᠢᠯᠡᠬᠦ ᠳᠤ ᠵᠠᠭᠠᠭ ᠦᠭᠡᠢ᠂ ᠥᠪᠡᠷ ᠢᠶᠠᠨ ᠰᠡᠷᠭᠡᠶᠢᠯᠡᠬᠦ ᠪᠠᠷ | ᠭᠤᠣᠯ ᠪᠣᠯᠭᠠᠬᠤ᠂ ᠢᠳᠡᠪᠬᠢᠲᠡᠢ ᠪᠠᠷ ᠬᠤᠯᠪᠣᠭᠠᠯᠠᠨ ᠰᠡᠷᠭᠡᠶᠢᠯᠡᠬᠦ᠂ ᠤᠢ ᠰᠢᠭᠤᠢ ᠨᠤᠲᠤᠭ ᠪᠡᠯᠴᠢᠭᠡᠷ ᠢ ᠬᠠᠮᠠᠭᠠᠯᠠᠬᠤ | ᠵᠠᠷᠴᠢᠮ ᠢ ᠪᠠᠷᠢᠮᠲᠠᠯᠠᠵᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠪᠠᠷ ᠳᠠᠮᠵᠢᠨ ᠬᠥᠷᠰᠢ ᠵᠡᠷᠭᠡᠯᠡᠳᠡᠭᠡ | ᠭᠠᠵᠠᠷ ᠣᠷᠣᠨ ᠳᠤ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠭᠠᠷᠬᠤ ᠦᠭᠡᠢ ᠪᠠᠶᠢᠬᠤ ᠶᠢ ᠴᠢᠷᠮᠠᠶᠢᠨ | ᠪᠡᠶᠡᠯᠡᠭᠦᠯᠬᠦ ᠬᠡᠷᠡᠭᠲᠡᠢ᠃ ᠬᠦᠴᠦ ᠪᠠᠨ ᠬᠠᠮᠲᠤᠳᠬᠠᠨ ᠬᠠᠮᠲᠤᠷᠠᠯᠴᠠᠬᠤ ᠶᠢ ᠪᠠᠶᠢᠩᠭᠤᠵᠢᠭᠤᠯᠬᠤ ᠶᠢ ᠪᠠᠷᠢᠮᠲᠠᠯᠠᠵᠤ᠂ | ᠬᠥᠷᠰᠢ ᠵᠡᠷᠭᠡᠯᠡᠳᠡᠭᠡ ᠭᠠᠵᠠᠷ ᠣᠷᠣᠨ ᠤ ᠬᠢᠨ ︽ᠶᠡᠭᠡ ᠪᠠᠶᠢᠷᠢᠰᠢᠯ︾᠂ ︽ᠨᠢᠭᠡ ᠬᠥᠯᠭᠡ ᠰᠢᠲᠠᠷ᠎ᠠ︾ ᠶᠢᠨ | ᠠᠵᠢᠯ ᠤᠨ ᠰᠡᠳᠬᠢᠴᠡ ᠶᠣᠰᠣᠭᠠᠷ᠂ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠭᠤᠭᠴᠤᠭ᠎ᠠ ᠪᠠ | ᠴᠢᠬᠤᠯᠠ ᠴᠠᠭ ᠬᠤᠭᠤᠴᠠᠭ᠎ᠠ ᠶᠢ ᠳᠣᠪᠤᠶᠢᠯᠭᠠᠨ᠂ ᠬᠥᠷᠰᠢ ᠵᠡᠷᠭᠡᠯᠡᠳᠡᠭᠡ ᠭᠠᠵᠠᠷ ᠣᠷᠣᠨ ᠤ ᠣᠶ ᠰᠢᠭᠤᠶ ᠨᠤᠲᠤᠭ | ᠪᠡᠯᠴᠢᠭᠡᠷ ᠤᠨ ᠭᠠᠯ ᠢ ᠰᠡᠷᠭᠡᠶᠢᠯᠡᠬᠦ ᠶᠢ ᠤᠬᠠᠭᠤᠯᠵᠤ ᠬᠥᠲᠥᠯᠦᠨ ᠵᠢᠯᠣᠭᠤᠳᠬᠤ᠂ ᠲᠣᠭᠤᠷᠢᠨ ᠴᠠᠭᠳᠠᠵᠤ ᠰᠡᠷᠭᠡᠶᠢᠯᠡᠨ | ᠡᠵᠡᠮᠳᠡᠬᠦ᠂ ᠭᠠᠯ ᠤᠨ ᠪᠠᠶᠢᠳᠠᠯ ᠢ ᠬᠢᠨᠠᠨ ᠬᠡᠮᠵᠢᠬᠦ᠂ ᠪᠠᠴᠢᠮ ᠪᠠᠶᠢᠳᠠᠯ ᠢ ᠠᠷᠭᠠᠴᠠᠭᠠᠬᠤ ᠪᠠ ᠭᠠᠯ ᠤᠨ ᠠᠶᠤᠯ ᠠᠴᠠ | ᠠᠪᠤᠷᠠᠬᠤ ᠵᠡᠷᠭᠡ ᠠᠵᠢᠯ ᠢ ᠬᠠᠮᠲᠤ ᠪᠠᠷ ᠰᠠᠶᠢᠲᠤᠷ ᠬᠢᠬᠦ ᠬᠡᠷᠡᠭᠲᠡᠶ᠃ ᠨᠡᠪᠲᠡᠷᠡᠯᠴᠡᠨ ᠵᠣᠬᠢᠴᠠᠭᠤᠯᠬᠤ ᠪᠠᠨ | ᠪᠠᠶᠢᠩᠭᠤᠵᠢᠭᠤᠯᠬᠤ᠂ ᠲᠤᠷᠰᠢᠯᠭ᠎ᠠ ᠪᠠᠨ ᠬᠠᠷᠢᠯᠴᠠᠨ ᠰᠣᠯᠢᠯᠴᠠᠬᠤ ᠶᠢ ᠪᠠᠷᠢᠮᠲᠠᠯᠠᠵᠤ᠂ ᠤᠯᠤᠯᠴᠠᠭ᠎ᠠ ᠬᠠᠷᠢᠯᠴᠠᠭ᠎ᠠ ᠪᠠᠨ | ᠴᠢᠩᠭᠠᠳᠬᠠᠵᠤ᠂ ᠪᠠᠭᠤᠷᠠᠢ ᠭᠤᠭᠴᠤᠭ᠎ᠠ ᠪᠠᠨ ᠲᠡᠭᠦᠯᠳᠡᠷᠵᠢᠭᠦᠯᠵᠦ᠂ ᠳᠠᠪᠠᠭᠤᠯᠢᠭ ᠢᠶᠠᠨ ᠬᠠᠷᠢᠯᠴᠠᠨ | ᠨᠥᠬᠦᠪᠥᠷᠢᠯᠡᠬᠦ ᠶᠢ ᠪᠡᠶᠡᠯᠡᠭᠦᠯᠵᠦ᠂ ᠡᠬᠢ ᠪᠠᠶᠠᠯᠢᠭ ᠤᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠪᠡᠶᠡᠯᠡᠭᠦᠯᠵᠦ᠂ | ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠠᠵᠢᠯ ᠢ ᠪᠦᠬᠦᠨ ᠢ ᠪᠦᠷᠬᠦᠬᠦᠯᠬᠦ᠂ ᠥᠨᠴᠥᠭ ᠪᠤᠯᠤᠩ ᠢ | ᠦᠯᠡᠳᠡᠭᠡᠯ ᠦᠭᠡᠢ ᠪᠠᠶᠢᠴᠠᠭᠠᠬᠤ ᠶᠢ ᠪᠠᠲᠤᠯᠠᠵᠤ᠂ ᠭᠠᠯ ᠤᠨ ᠭᠠᠮᠰᠢᠭ ᠤᠨ ᠭᠡᠮ ᠰᠣᠭᠤᠭ ᠢ ᠬᠠᠮᠲᠤᠪᠠᠷ ᠰᠡᠷᠭᠡᠶᠢᠯᠡᠨ | ᠠᠷᠢᠯᠭᠠᠬᠤ ᠬᠡᠷᠡᠭᠲᠡᠢ ᠭᠡᠵᠦ ᠵᠢᠭᠠᠨ ᠭᠠᠷᠭᠠᠪᠠ᠃ | ᠳᠥᠷᠪᠡᠨ ᠭᠠᠵᠠᠷ ᠤᠨ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ | ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠠᠷᠢᠭᠤᠴᠠᠯᠭᠠᠲᠠᠨ ᠪᠠ ᠣᠶ ᠰᠢᠭᠤᠶ ᠨᠤᠲᠤᠭ | ᠪᠡᠯᠴᠢᠭᠡᠷ ᠤᠨ ᠭᠠᠯ ᠢ ᠰᠡᠷᠭᠡᠶᠢᠯᠡᠵᠦ ᠭᠠᠯ ᠤᠨᠲᠠᠷᠠᠭᠠᠬᠤ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ | ᠣᠷᠣᠯᠴᠠᠵᠠᠶ᠃ |