ᠠᠤᠬᠠᠨ ᠬᠤᠰᠢᠭᠤ᠄ ᠬᠦᠴᠦ ᠪᠠᠨ ᠲᠥᠪᠯᠡᠷᠡᠭᠦᠯᠦᠨ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/11/22
        ᠲᠤᠰᠬᠠᠶ ᠮᠡᠷᠭᠡᠵᠢᠯᠲᠡᠨ ᠫᠷᠤᠹᠧᠰᠰᠤᠷ ᠡᠮᠨᠡᠯᠭᠡ ᠳᠤ ᠰᠠᠭᠤᠵᠤ  ᠡᠮᠨᠡᠭᠦᠯᠬᠦ᠂ ᠡᠮᠴᠢᠯᠡᠭᠡᠨ ᠤ ᠬᠢᠷᠢ ᠲᠦᠪᠰᠢᠨ ᠳᠡᠭᠡᠭᠰᠢᠯᠡᠵᠦ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠣᠷᠣᠭᠤᠯᠤᠨ ᠠᠪᠴᠢᠷᠠᠵᠤ᠂ ᠨᠢᠭᠲᠠᠷᠠᠭᠰᠠᠨ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠭᠦᠨᠵᠡᠭᠡᠶᠢᠷᠡᠨ ᠬᠥᠭᠵᠢᠪᠡ ᠁ ᠶᠡᠷᠦ ᠠᠴᠠ᠂ ᠠᠤᠬᠠᠨ ᠬᠤᠰᠢᠭᠤ ᠠᠷᠠᠳ ᠲᠦᠮᠡᠨ ᠢᠶᠠᠷ ᠭᠤᠤᠯ ᠪᠣᠯᠭᠠᠵᠤ᠂ ᠡᠪᠡᠳᠴᠢᠨ ᠦᠵᠡᠭᠦᠯᠬᠦ ᠳᠤ ᠬᠦᠴᠢᠷᠲᠡᠶ ᠂ ᠡᠪᠡᠳᠴᠢᠨ ᠦᠵᠡᠭᠦᠯᠬᠦ ᠳᠤ ᠦᠨᠡᠲᠡᠶ ᠵᠡᠷᠭᠡ ᠠᠰᠠᠭᠤᠳᠠᠯ ᠢ ᠤᠯᠠᠮ ᠨᠢᠭᠡ ᠠᠯᠬᠤᠮ ᠨᠠᠮᠳᠠᠭᠤᠯᠵᠤ᠂ ᠥᠷᠭᠡᠨ ᠣᠯᠠᠨ ᠠᠷᠠᠳ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠪᠡ᠃      ᠶᠡᠷᠦᠩᠬᠡᠶᠢᠯᠡᠭᠰᠡᠨ ᠡᠮ ᠡᠮᠨᠡᠯᠭᠡ ᠶᠢᠨ ᠥᠭᠡᠷᠡᠴᠢᠯᠡᠯᠲᠡ ᠭᠦᠨᠵᠡᠭᠡᠶᠢᠷᠡᠨ ᠠᠬᠢᠵᠤ᠂ ᠠᠷᠠᠳ ᠣᠯᠠᠨ ᠨᠠᠩ ᠣᠯᠠᠨ ᠬᠦᠷᠲᠡᠮᠵᠢ ᠶᠢᠨ ᠲᠥᠷᠥᠭᠳᠡᠯ ᠲᠠᠢ ᠪᠣᠯᠪᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠵᠢᠯᠣᠭᠤᠳᠤᠯᠭ᠎ᠠ ᠳᠣᠣᠷ᠎ᠠ᠂ ᠠᠤᠬᠠᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠳ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠢ ᠠᠬᠢᠭᠤᠯᠵᠤ᠂ ᠡᠪᠡᠳᠴᠢᠨ ᠦᠵᠡᠭᠦᠯᠬᠦ ᠪᠠ ᠣᠨᠣᠰᠢᠯᠠᠨ ᠡᠮᠨᠡᠬᠦ ᠡᠮᠬᠢ ᠵᠢᠷᠤᠮ ᠲᠠᠢ ᠰᠢᠨ᠎ᠡ ᠪᠠᠶᠢᠷᠢᠰᠢᠯ ᠢ ᠲᠦᠷᠭᠡᠳᠬᠡᠨ ᠪᠠᠶᠢᠭᠤᠯᠪᠠ᠃ ᠬᠤᠰᠢᠭᠤᠨ ᠳᠣᠲᠣᠷ᠎ᠠ ᠬᠤᠰᠢᠭᠤᠨ ᠤ ᠡᠮᠨᠡᠯᠭᠡ ᠶᠢᠨ ᠬᠤᠷᠢᠶ᠎ᠠ ᠪᠠ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠪᠠᠷ ᠲᠦᠷᠦᠭᠦᠯᠡᠭᠦᠯᠦᠭᠰᠡᠨ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠴᠢᠨᠠᠷ ᠰᠠᠶᠢᠲᠠᠶ ᠡᠬᠢ ᠪᠠᠶᠠᠯᠢᠭ ᠢ ᠡᠮᠬᠢ ᠵᠢᠷᠤᠮ ᠲᠠᠢ ᠳᠣᠷᠣᠭᠰᠢ ᠪᠠᠭᠤᠯᠭᠠᠬᠤ ᠶᠢ ᠠᠩᠬ᠎ᠠ ᠠᠯᠬᠤᠮ ᠪᠡᠶᠡᠯᠡᠭᠦᠯᠪᠡ︔ ᠬᠤᠰᠢᠭᠤ᠂ ᠰᠢᠶᠠᠩ᠂ ᠲᠣᠰᠬᠤᠨ ᠭᠤᠷᠪᠠᠨ ᠱᠠᠲᠤᠨ ᠤ ᠡᠮᠨᠡᠯᠭᠡ ᠶᠢᠨ ᠬᠤᠷᠢᠶ᠎ᠠ ᠬᠢᠭᠡᠳ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠬᠦ ᠲᠥᠯᠥᠪᠯᠡᠭᠡ ᠶᠢ ᠪᠠᠶᠢᠭᠤᠯᠵᠤ᠂ ᠦᠨᠳᠦᠰᠦᠨ ᠱᠠᠲᠤᠨ ᠤ ᠲᠤᠬᠠᠶᠢᠯᠠᠭᠰᠠᠨ ᠠᠵᠢᠯ ᠤᠨ ᠬᠤᠶᠠᠷ ᠠᠵᠢᠯᠲᠠᠨ ᠢ ᠦᠨ᠎ᠡ ᠲᠥᠯᠥᠪᠦᠷᠢ ᠦᠭᠡᠢ ᠪᠠᠷ ᠣᠷᠣᠯᠠᠨ ᠪᠣᠯᠪᠠᠰᠤᠷᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠬᠥᠳᠡᠭᠡ ᠪᠠᠭᠤᠯᠭᠠᠬᠤ ᠠᠯᠪᠠᠨ ᠵᠢᠷᠤᠮ ᠤᠨ ᠡᠮᠴᠢᠯᠡᠭᠡᠨ ᠤ ᠳᠠᠭᠠᠭᠤᠯᠤᠨ ᠵᠢᠭᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ︔ ︽ᠠᠤᠬᠠᠨ ᠬᠤᠰᠢᠭᠤᠨ ᠤ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠦᠯ︾ ᠢ ᠲᠣᠭᠲᠠᠭᠠᠨ ᠲᠠᠷᠬᠠᠭᠠᠵᠤ᠂ ᠬᠤᠰᠢᠭᠤᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠬᠠᠮᠢᠶᠠᠷᠤᠯᠲᠠ ᠶᠢᠨ ᠵᠥᠪᠯᠡᠯ ᠤᠨ 2 ᠲᠦᠷᠦᠭᠦᠯᠡᠬᠦ ᠡᠮᠨᠡᠯᠭᠡ ᠶᠢᠨ ᠬᠤᠷᠢᠶ᠎ᠠ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠶᠡᠷᠦᠩᠬᠡᠶ ᠡᠮᠨᠡᠯᠭᠡ ᠶᠢᠨ ᠬᠤᠷᠢᠶ᠎ᠠ ᠶᠢᠨ ᠬᠢᠨᠠᠨ ᠰᠢᠯᠭᠠᠬᠤ ᠡᠯ᠎ᠡ ᠬᠤᠪᠢᠶᠠᠷᠢ ᠬᠤᠷᠢᠶ᠎ᠠ ᠶᠢᠨ ᠬᠤᠤᠰ ᠬᠢᠨᠠᠨ ᠰᠢᠯᠭᠠᠬᠤ ᠲᠦᠷᠢᠮ ᠢ ᠪᠠᠶᠢᠭᠤᠯᠪᠠ᠃    ᠣᠳᠣᠬᠠᠨ ᠪᠣᠯᠲᠠᠯ᠎ᠠ᠂ ᠬᠤᠶᠠᠷ  ᠲᠦᠷᠦᠭᠦᠯᠡᠬᠦ ᠡᠮᠨᠡᠯᠭᠡ ᠶᠢᠨ ᠬᠤᠷᠢᠶ᠎ᠠ ᠤᠷᠲᠤ ᠬᠤᠭᠤᠴᠠᠭ᠎ᠠ ᠪᠠᠷ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠰᠠᠭᠤᠵᠤ ᠬᠠᠪᠰᠤᠷᠤᠨ ᠲᠡᠳᠬᠦᠬᠦ ᠲᠤᠰᠬᠠᠶ ᠮᠡᠷᠭᠡᠵᠢᠯᠲᠡᠨ 31 ᠬᠥᠮᠦᠨ᠂ ᠲᠤᠰᠬᠠᠶ ᠮᠡᠷᠭᠡᠵᠢᠯᠲᠡᠨ ᠨᠡᠶᠢᠲᠡ 90 ᠬᠥᠮᠦᠨ ᠤᠳᠠᠭ᠎ᠠ ᠲᠣᠮᠢᠯᠠᠵᠤ᠂ ᠡᠪᠡᠳᠴᠢᠲᠡᠨ ᠢ 2500 ᠬᠥᠮᠦᠨ ᠤᠳᠠᠭ᠎ᠠ ᠬᠦᠯᠢᠶᠡᠨ ᠠᠪᠴᠤ᠂ 22 ᠤᠳᠠᠭ᠎ᠠ ᠵᠢᠭᠠᠨ ᠰᠤᠷᠭᠠᠵᠤ ᠭᠡᠷ ᠪᠠᠶᠢᠴᠠᠭᠠᠪᠠ᠃ ︽ᠵᠠᠭᠤᠨ ᠨᠡᠷᠡᠰ ᠦᠨᠳᠦᠰᠦᠨ ᠱᠠᠲᠤᠨ ᠤ ᠡᠮᠨᠡᠯᠭᠡ ᠶᠢᠨ ᠮᠡᠷᠭᠡᠵᠢᠯ ᠤᠨ ᠠᠵᠢᠯᠲᠠᠨ ᠢ ᠡᠭᠡᠯᠵᠢᠯᠡᠨ ᠪᠣᠯᠪᠠᠰᠤᠷᠠᠭᠤᠯᠬᠤ︾ ᠵᠢᠴᠢ ︽ᠦᠨᠳᠦᠰᠦᠨ ᠱᠠᠲᠤᠨ ᠤ ᠨᠠᠷᠠᠲᠤ ᠡᠮᠴᠢ ᠶᠢ ᠬᠥᠮᠦᠵᠢᠭᠦᠯᠦᠨ ᠪᠣᠯᠪᠠᠰᠤᠷᠠᠭᠤᠯᠬᠤ︾ ᠪᠠ ᠳᠠᠪᠲᠠᠨ ᠪᠣᠯᠪᠠᠰᠤᠷᠠᠭᠤᠯᠤᠨ ᠰᠤᠷᠤᠯᠴᠠᠭᠤᠯᠬᠤ ᠪᠠᠷ ᠳᠠᠮᠵᠢᠭᠤᠯᠤᠨ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ 69 ᠨᠡᠷᠡᠰ ᠭᠤᠤᠯᠯᠠᠭᠴᠢ ᠡᠮᠴᠢ ᠶᠢ ᠪᠣᠯᠪᠠᠰᠤᠷᠠᠭᠤᠯᠵᠤ᠂ ᠲᠦᠷᠦᠭᠦᠯᠡᠬᠦ ᠡᠮᠨᠡᠯᠭᠡ ᠶᠢᠨ ᠬᠤᠷᠢᠶᠠᠨ ᠤ ᠡᠮᠴᠢ ᠶᠢᠨ ︽ᠨᠢᠭᠡ ᠨᠢ ᠨᠢᠭᠡ ᠶᠢ ᠳᠠᠭᠠᠭᠤᠯᠬᠤ︾ ᠶᠢᠨ ᠡᠮᠴᠢᠯᠡᠭᠡ ᠪᠠᠷ ᠬᠥᠲᠥᠯᠦᠨ ᠵᠢᠯᠣᠭᠤᠳᠴᠤ᠂ ᠡᠭᠡᠯᠵᠢᠯᠡᠨ ᠪᠣᠯᠪᠠᠰᠤᠷᠠᠭᠤᠯᠬᠤ ᠪᠠ ᠠᠵᠢᠯ ᠤᠨ ᠪᠠᠶᠢᠷᠢ ᠶᠢ ᠳᠠᠭᠠᠵᠤ ᠰᠤᠷᠤᠯᠴᠠᠬᠤ ᠪᠠᠷ ᠳᠠᠮᠵᠢᠭᠤᠯᠤᠨ᠂ ᠬᠤᠰᠢᠭᠤᠨ ᠤ ᠪᠠᠶᠢᠳᠠᠯ ᠳᠤ ᠳᠣᠭᠢᠷᠠᠬᠤ ᠦᠨᠳᠦᠰᠦᠨ ᠱᠠᠲᠤᠨ ᠤ ᠦᠢᠯᠡᠴᠢᠯᠡᠭᠡᠨ ᠤ ᠴᠢᠳᠠᠪᠤᠷᠢ ᠶᠢ ᠨᠡᠮᠡᠭᠳᠡᠭᠦᠯᠬᠦ ᠰᠢᠨ᠎ᠡ ᠵᠠᠮ ᠢ ᠠᠩᠬ᠎ᠠ ᠠᠯᠬᠤᠮ ᠰᠦᠪᠡᠭᠴᠢᠯᠡᠨ ᠭᠠᠷᠭᠠᠵᠤ᠂ ︽ᠴᠢᠰᠤ ᠶᠡᠭᠦᠯᠡᠬᠦ︾ ᠶᠢ ︽ᠴᠢᠰᠤ ᠪᠦᠲᠦᠭᠡᠬᠦ︾ ᠪᠣᠯᠭᠠᠨ ᠬᠤᠪᠢᠷᠠᠭᠤᠯᠵᠤ᠂ ᠦᠨᠳᠦᠰᠦᠨ ᠱᠠᠲᠤᠨ ᠳᠤ ᠨᠢᠭᠡ ᠪᠦᠯᠦᠭ ᠡᠮᠨᠡᠯᠭᠡ ᠶᠢᠨ ᠮᠡᠷᠭᠡᠵᠢᠯ ᠢᠶᠠᠷ ᠥᠨᠳᠥᠷ᠂ ᠦᠯᠡᠳᠡᠭᠡᠵᠦ ᠳᠡᠶᠢᠯᠬᠦ ᠣᠷᠣᠨ ᠨᠤᠲᠤᠭ ᠤᠨ ᠡᠮᠴᠢ ᠶᠢ ᠬᠥᠮᠦᠵᠢᠭᠦᠯᠵᠦ ᠥᠭᠭᠦᠨ᠎ᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号