ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠬᠠᠶᠢᠷ᠎ᠠ ᠬᠠᠯᠠᠮᠵᠢ ᠶᠢᠨ ᠠᠶᠠᠯᠠᠯ | ᠠᠤᠬᠠᠨ ᠬᠤᠰᠢᠭᠤᠨ ᠤ ᠬᠡᠦᠬᠡᠳ ᠤᠨ ᠲᠥᠷᠥᠯᠬᠢ ᠵᠢᠷᠦᠬᠡᠨ ᠡᠪᠡᠳᠴᠢᠨ ᠢ ᠰᠢᠭᠰᠢᠨ ᠪᠠᠶᠢᠴᠠᠭᠠᠬᠤ ᠠᠵᠢᠯᠯᠠᠭ᠎ᠠ ᠳᠠᠬᠢᠨ ᠰᠢᠨ᠎ᠡ ᠬᠠᠭᠤᠳᠠᠰᠤ ᠶᠢ ᠰᠡᠬᠦᠪᠡ
ᠨᠡᠶᠢᠲᠡᠯᠡᠭᠰᠡᠨ ᠴᠠᠭ᠄
2024/11/22
     ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ︽ᠡᠮ ᠡᠮᠨᠡᠯᠭᠡ ᠶᠢᠨ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢᠨ ᠬᠤᠯᠪᠣᠭᠳᠠᠯ ᠪᠥᠬᠦᠶ ᠡᠭᠦᠷᠭᠡ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢᠨ ᠲᠥᠯᠥᠭᠡ᠂ ᠪᠥᠬᠦ ᠬᠤᠰᠢᠭᠤᠨ ᠤ ︽ᠲᠥᠷᠥᠯᠬᠢ ᠵᠢᠷᠦᠬᠡᠨ ᠡᠪᠡᠳᠴᠢᠨ ᠲᠠᠢ ᠬᠡᠦᠬᠡᠳ︾ ᠢ ᠨᠠᠩ ᠴᠢᠨᠠᠷ ᠰᠠᠶᠢᠲᠠᠶ ᠣᠨᠣᠰᠢᠯᠠᠨ ᠡᠮᠨᠡᠬᠦ ᠦᠢᠯᠡᠴᠢᠯᠡᠭᠡ ᠬᠦᠷᠲᠡᠭᠡᠵᠦ᠂ ᠳᠡᠭᠡᠷ᠎ᠡ ᠤᠳᠠᠭᠠᠨ ᠤ ᠠᠤᠬᠠᠨ ᠬᠤᠰᠢᠭᠤᠨ ᠤ ᠲᠥᠷᠥᠯᠬᠢ ᠵᠢᠷᠦᠬᠡᠨ ᠡᠪᠡᠳᠴᠢᠨ ᠢ ᠰᠢᠭᠰᠢᠨ ᠪᠠᠶᠢᠴᠠᠭᠠᠬᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠲᠡᠭᠦᠰ ᠠᠮᠵᠢᠯᠲᠠ ᠲᠠᠢ ᠳᠠᠭᠤᠰᠤᠭᠰᠠᠨ ᠤ ᠳᠠᠷᠠᠭ᠎ᠠ᠂ ᠣᠶᠢᠷ᠎ᠠ ᠳᠤ᠂  ᠬᠠᠶᠢᠳᠢᠶᠠᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠬᠢᠭᠡᠳ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠰᠢᠭᠤᠨ ᠤ ᠡᠮᠨᠡᠯᠭᠡ ᠶᠢᠨ ᠬᠤᠷᠢᠶ᠎ᠠ ᠭᠠᠷ ᠬᠤᠯᠪᠣᠨ ᠳᠠᠬᠢᠨ ᠮᠣᠷᠳᠠᠵᠤ᠂ ᠠᠤᠬᠠᠨ ᠬᠤᠰᠢᠭᠤᠨ ᠤ ᠲᠥᠷᠥᠯᠬᠢ ᠵᠢᠷᠦᠬᠡᠨ ᠡᠪᠡᠳᠴᠢᠨ ᠢ ᠰᠢᠭᠰᠢᠨ ᠪᠠᠶᠢᠴᠠᠭᠠᠬᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃    ᠲᠣᠰ ᠤᠳᠠᠭᠠᠨ ᠤ ᠲᠥᠷᠥᠯᠬᠢ ᠵᠢᠷᠦᠬᠡᠨ ᠡᠪᠡᠳᠴᠢᠨ ᠢ ᠰᠢᠭᠰᠢᠨ ᠪᠠᠶᠢᠴᠠᠭᠠᠵᠤ ᠠᠪᠤᠷᠠᠨ ᠵᠠᠰᠠᠬᠤ ᠠᠵᠢᠯᠯᠠᠭ᠎ᠠ ᠬᠤᠶᠠᠳᠠᠬᠢ ᠤᠳᠠᠭ᠎ᠠ ᠡᠬᠢᠯᠡᠵᠦ᠂ ᠡᠮᠴᠢᠯᠡᠭᠡᠨ ᠤ ᠪᠦᠯᠬᠦᠮ ᠨᠠᠩ ᠨᠠᠷᠢᠯᠢᠭ ᠮᠡᠷᠭᠡᠵᠢᠯ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ ᠪᠠᠷ ᠮᠠᠨ ᠤ ᠬᠤᠰᠢᠭᠤᠨ ᠳᠤ ᠳᠠᠬᠢᠨ ᠪᠤᠴᠠᠵᠤ᠂ ︽ᠬᠡᠤᠬᠡᠳ ᠤᠨ  ᠵᠢᠷᠦᠬᠡᠨ ᠤ ᠲᠥᠷᠥᠯ ᠵᠦᠢᠯ︾ ᠤᠨ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠵᠦ᠂ ᠨᠠᠷᠢᠯᠢᠭ  ᠣᠨᠤᠪᠴᠢᠲᠠᠢ ᠪᠠᠷ ᠵᠢᠭᠰᠠᠭᠠᠨ ᠪᠠᠶᠢᠴᠠᠭᠠᠵᠤ᠂ ᠨᠠᠷᠢᠨ ᠨᠢᠮᠪᠠᠶ ᠰᠠᠬᠢᠨ ᠬᠠᠮᠠᠭᠠᠯᠠᠵᠤ᠂ ᠬᠡᠤᠬᠡᠳ ᠤᠨ ᠡᠷᠡᠭᠦᠯ ᠮᠡᠨᠳᠦ ᠢᠷᠡᠭᠡᠳᠦᠶ ᠶᠢᠨ ᠲᠥᠯᠥᠭᠡ  ᠠᠮᠠᠯᠳᠠᠪᠠ᠃    ᠪᠦᠷᠢᠳᠬᠡᠯ ᠢ ᠦᠨᠳᠦᠰᠦᠯᠡᠪᠡᠯ᠂ ᠲᠣᠰ ᠤᠳᠠᠭᠠᠨ ᠤ ᠠᠵᠢᠯᠯᠠᠭ᠎ᠠ ᠨᠢ ᠨᠡᠶᠢᠲᠡ 9 ᠨᠡᠷᠡᠰ 0 —18 ᠨᠠᠰᠤᠨ ᠤ ᠬᠦᠴᠢᠷᠳᠡᠯ ᠳᠤ ᠲᠤᠯᠭᠠᠷᠠᠭᠰᠠᠨ ᠬᠡᠷ ᠪᠦᠯᠢ ᠶᠢᠨ ᠲᠥᠷᠥᠯᠬᠢ ᠴᠢᠨᠠᠷᠲᠠᠶ ᠵᠢᠷᠦᠬᠡᠨ ᠡᠪᠡᠳᠴᠢᠨ ᠲᠠᠢ ᠬᠡᠤᠬᠡᠳ ᠲᠤ ᠰᠢᠭᠰᠢᠨ ᠪᠠᠶᠢᠴᠠᠭᠠᠵᠤ ᠡᠮᠨᠡᠨ ᠵᠠᠰᠠᠵᠤ᠂ ᠮᠡᠰᠡ ᠵᠠᠰᠠᠯ ᠤᠨ ᠡᠮᠨᠡᠨ ᠵᠠᠰᠠᠬᠤ ᠨᠥᠬᠦᠴᠡᠯ ᠳᠤ ᠨᠡᠶᠢᠴᠡᠬᠦ ᠬᠡᠤᠬᠡᠳ ᠲᠤ ᠨᠡᠶᠢᠰᠯᠡᠯ ᠤᠨ ᠬᠡᠤᠬᠡᠳ ᠤᠨ ᠰᠠᠯᠠᠭᠠᠨ ᠤ ᠰᠤᠳᠤᠯᠭᠠᠨ ᠤ ᠭᠠᠵᠠᠷ ᠤᠨ ᠬᠠᠷᠢᠶᠠᠲᠤ ᠬᠡᠤᠬᠡᠳ ᠤᠨ ᠡᠮᠨᠡᠯᠭᠡ ᠶᠢᠨ ᠬᠤᠷᠢᠶ᠎ᠠ ᠳᠤ ︽ᠰᠠᠭᠠᠳ ᠥᠬᠡᠶ ᠨᠡᠪᠲᠡᠷᠡᠬᠦ ᠵᠠᠮ︾ ᠨᠡᠭᠡᠭᠡᠨ ᠥᠭᠴᠦ᠂ ᠬᠤᠭᠤᠴᠠᠭ᠎ᠠ ᠰᠣᠩᠭᠤᠨ ᠮᠡᠰᠡ ᠵᠠᠰᠠᠯ ᠤᠨ ᠡᠮᠴᠢᠯᠡᠭᠡ ᠬᠢᠬᠦ ᠶᠢᠨ ᠬᠠᠮᠲᠤ ᠨᠥᠬᠦᠴᠡᠯ ᠳᠤ ᠨᠡᠶᠢᠴᠡᠬᠦ ᠬᠡᠷ ᠪᠦᠯᠢ ᠶᠢᠨ ᠡᠮᠨᠡᠨ ᠵᠠᠰᠠᠬᠤ ᠶᠠᠪᠤᠴᠠ ᠳᠤ ᠬᠤᠪᠢ ᠬᠥᠮᠦᠨ ᠤ ᠥᠪᠡᠰᠦᠪᠡᠨ ᠭᠠᠷᠭᠠᠬᠤ ᠵᠠᠷᠤᠳᠠᠯ ᠳᠤᠨᠢ ᠲᠤᠰᠠᠯᠠᠮᠵᠢ ᠦᠵᠡᠭᠦᠯᠵᠦ᠂ ᠡᠪᠡᠳᠴᠢᠯᠡᠭᠰᠡᠨ ᠬᠡᠤᠬᠡᠳ ᠤᠨ ᠬᠡᠷ ᠪᠦᠯᠢ ᠳᠤ ᠦᠨᠡᠨ ᠬᠦ ᠠᠰᠢᠭ ᠬᠦᠷᠲᠡᠭᠡᠨ᠎ᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号