| ᠣᠷᠴᠢᠮ ᠤᠨ ᠡᠳᠦᠷ᠂ ᠠᠤᠬᠠᠨ ᠬᠤᠰᠢᠭᠤᠨ ᠤ ᠰᠢᠨ ᠾᠦᠢ ᠪᠠᠯᠭᠠᠰᠤᠨ ᠤ ᠭᠠᠵᠠᠷ ᠳᠣᠤᠷᠠᠬᠢ ᠬᠤᠳᠠᠯᠳᠤᠭᠠᠨ ᠤ | ᠵᠡᠭᠡᠯᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠤᠤᠯ ᠴᠣᠭᠴᠠ ᠶᠢᠨ ᠰᠢᠯᠭᠠᠨ ᠠᠪᠬᠤ ᠶᠢ | ᠪᠡᠶᠡᠯᠡᠭᠦᠯᠵᠦ᠂ ᠪᠠᠷᠢᠯᠭ᠎ᠠ ᠶᠢ ᠬᠤᠶᠠᠳᠤᠭᠠᠷ ᠤᠳᠠᠭᠠᠨ ᠤ ᠪᠦᠲᠦᠴᠡ ᠪᠠ ᠵᠠᠰᠠᠯ ᠴᠢᠮᠡᠭᠯᠡᠯ ᠤᠨ ᠱᠠᠲᠤᠨ ᠳᠤ ᠪᠥᠬᠦ | ᠲᠠᠯ᠎ᠠ ᠪᠠᠷ ᠰᠢᠯᠵᠢᠭᠦᠯᠦᠨ ᠣᠷᠣᠭᠤᠯᠪᠠ᠃ | ᠰᠢᠨ ᠾᠦᠢ ᠪᠠᠯᠭᠠᠰᠤᠨ ᠤ ᠭᠠᠵᠠᠷ ᠳᠣᠣᠷᠠᠬᠢ ᠬᠤᠳᠠᠯᠳᠤᠭᠠᠨ ᠤ ᠵᠡᠭᠡᠯᠢ ᠶᠢᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠨᠢ ᠰᠢᠨ ᠵᠦᠩ ᠵᠡᠭᠡᠯᠢ ᠶᠢᠨ ᠬᠤᠶᠢᠲᠤ ᠬᠡᠰᠡᠭ ᠲᠤ ᠪᠠᠶᠢᠷᠢᠯᠠᠵᠤ᠂ ᠪᠦᠲᠦᠭᠡᠨ | ᠪᠠᠶᠢᠭᠤᠯᠤᠭᠳᠠᠭᠰᠠᠨ ᠤ ᠳᠠᠷᠠᠭ᠎ᠠ ᠣᠳᠣ ᠶᠢᠨ ᠪᠠᠶᠢᠭ᠎ᠠ ᠭᠠᠵᠠᠷ ᠳᠣᠣᠷᠠᠬᠢ ᠬᠤᠳᠠᠯᠳᠤᠭᠠᠨ ᠤ ᠵᠡᠭᠡᠯᠢ ᠲᠠᠢ ᠪᠠᠨ | ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠵᠦ᠂ ᠪᠠᠷᠠᠭ᠎ᠠ ᠬᠤᠳᠠᠯᠳᠤᠨ ᠠᠪᠴᠤ ᠰᠡᠯᠡᠭᠦᠴᠡᠬᠦ᠂ ᠢᠳᠡᠭᠡᠨ | ᠤᠮᠳᠠᠭᠠᠨ ᠵᠤᠭ᠎ᠠ ᠴᠡᠩᠭᠡᠯ ᠢ ᠨᠢᠭᠡ ᠴᠣᠭᠴᠠᠵᠢᠭᠤᠯᠤᠭᠰᠠᠨ ᠣᠯᠠᠨ ᠴᠢᠳᠠᠮᠵᠢᠲᠤ ᠬᠤᠳᠠᠯᠳᠤᠭᠠᠨ ᠤ ᠲᠣᠭᠤᠷᠢᠭ ᠢ | ᠪᠦᠷᠢᠯᠳᠦᠭᠦᠯᠵᠦ᠂ ᠬᠤᠲᠠ ᠲᠣᠭᠤᠷᠢᠭ ᠤᠨ ᠰᠠᠭᠤᠭᠠᠯᠢ ᠠᠷᠠᠳ ᠲᠤ ᠨᠠᠩ ᠲᠠᠭᠠᠯᠠᠮᠵᠢᠲᠠᠶ ᠪᠠᠷᠠᠭ᠎ᠠ ᠬᠤᠳᠠᠯᠳᠤᠨ | ᠠᠪᠬᠤ ᠬᠡᠷᠡᠭᠯᠡᠭᠡᠨ ᠤ ᠣᠶᠢᠯᠠᠭᠠᠯᠲᠠ ᠬᠠᠩᠭᠠᠵᠤ᠂ ᠰᠢᠨ ᠾᠦᠢ ᠬᠤᠲᠠ ᠲᠣᠭᠤᠷᠢᠭ ᠤᠨ ᠨᠢᠭᠡᠨ ᠴᠣ ᠰᠢᠨ᠎ᠡ | ᠰᠡᠯᠡᠭᠦᠴᠡᠯ ᠪᠠᠷᠠᠭ᠎ᠠ ᠬᠤᠳᠠᠯᠳᠤᠨ ᠠᠪᠬᠤ ᠰᠠᠶᠢᠨ ᠭᠠᠵᠠᠷ ᠢ ᠪᠠᠶᠢᠭᠤᠯᠬᠤ ᠪᠠᠷ ᠴᠢᠷᠮᠠᠶᠢᠨ᠎ᠠ᠃ | |