| ᠠᠮᠤ ᠪᠤᠳᠠᠭᠠᠨ ᠤ ᠭᠠᠷᠤᠯᠲᠠ ᠶᠡᠬᠡᠲᠡᠶ ᠰᠢᠶᠠᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠬᠦ ᠶᠢ ᠳᠡᠮᠵᠢᠬᠦ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠠᠣᠬᠠᠨ | ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠶᠢᠨ | ᠦᠢᠯᠡᠳᠦᠯ ᠢᠶᠠᠨ ᠢᠳᠡᠪᠬᠢᠲᠡᠶ ᠪᠠᠳᠠᠷᠠᠭᠤᠯᠵᠤ᠂ ᠰᠤᠷᠭᠠᠨ ᠬᠥᠮᠦᠵᠢᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ | ᠲᠣᠪᠴᠢᠶ᠎ᠠ ᠪᠣᠯᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠠᠮᠲᠤᠷᠠᠨ ︽ᠠᠤᠬᠠᠨ ᠬᠤᠰᠢᠭᠤᠨ ᠤ | ᠠᠮᠤ ᠪᠤᠳᠠᠭᠠᠨ ᠤ ᠭᠠᠷᠤᠯᠲᠠ ᠶᠡᠬᠡᠲᠡᠶ ᠰᠢᠶᠠᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠬᠦ ᠠᠵᠢᠯᠯᠠᠭ᠎ᠠ ᠶᠢᠨ ᠠᠯᠢ ᠣᠯᠠᠨ ᠲᠥᠰᠦᠯ︾ ᠢ ᠲᠣᠭᠲᠠᠭᠠᠨ ᠳᠠᠷᠤᠮᠠᠯᠯᠠᠨ ᠲᠠᠷᠬᠠᠭᠠᠪᠠ᠃ | ︽ᠲᠥᠰᠦᠯ︾ ᠳᠤ ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠢ ᠲᠣᠳᠣᠷᠬᠠᠶᠢᠯᠠᠵᠤ᠂ ᠮᠠᠨ ᠤ | ᠬᠤᠰᠢᠭᠤᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠣᠳᠣᠬᠢ ᠪᠠᠶᠢᠳᠠᠯ ᠢ ᠵᠠᠳᠠᠯᠬᠤ ᠶᠢᠨ ᠬᠠᠮᠲᠤ ᠬᠥᠭᠵᠢᠯᠲᠡ ᠶᠢᠨ | ᠬᠠᠷᠠᠯᠲᠠ ᠶᠢ ᠬᠠᠨᠳᠤᠯᠭᠠᠲᠤ ᠴᠢᠨᠠᠷᠲᠠᠶ ᠪᠠᠷ ᠲᠣᠭᠲᠠᠭᠠᠵᠤ᠂ ᠭᠤᠤᠯᠳᠠᠯᠭ᠎ᠠ ᠲᠠᠢ ᠡᠭᠦᠷᠭᠡ ᠪᠠ ᠭᠤᠤᠯᠳᠠᠯᠭ᠎ᠠ ᠲᠠᠢ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠳᠤᠷᠠᠳᠤᠨ ᠭᠠᠷᠭᠠᠵᠤ᠂ ᠰᠤᠷᠭᠠᠨ ᠬᠥᠮᠦᠵᠢᠯ᠂ ᠡᠮ ᠡᠮᠨᠡᠯᠭᠡ | ᠡᠷᠡᠭᠦᠯ ᠬᠠᠮᠠᠭᠠᠯᠠᠯ᠂ ᠨᠠᠰᠤᠵᠢᠯ ᠤᠨ ᠠᠰᠠᠷᠠᠮᠵᠢ᠂ ᠨᠠᠶᠢᠳᠠᠨ ᠬᠥᠮᠦᠵᠢᠭᠦᠯᠬᠦ ᠵᠡᠷᠭᠡ ᠣᠯᠠᠨ ᠨᠡᠶᠢᠲᠡ ᠶᠢᠨ | ᠦᠢᠯᠡᠴᠢᠯᠡᠭᠡᠨ ᠤ ᠲᠥᠬᠦᠭᠡᠷᠦᠮᠵᠢ ᠶᠢᠨ ᠲᠠᠯ᠎ᠠ ᠪᠠᠷ ᠲᠥᠯᠥᠪᠵᠢᠭᠦᠯᠦᠨ ᠪᠠᠶᠢᠷᠢᠯᠠᠭᠤᠯᠵᠤ᠂ ᠵᠣᠬᠢᠶᠠᠨ | ᠪᠠᠶᠢᠭᠤᠯᠤᠯᠲᠠ ᠶᠢᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠪᠠ᠃ | ︽ᠲᠥᠰᠦᠯ︾ ᠢ ᠲᠣᠭᠲᠠᠭᠠᠭᠰᠠᠨ ᠨᠢ ᠮᠠᠨ ᠤ ᠬᠤᠰᠢᠭᠤᠨ ᠤ ᠣᠯᠠᠨ ᠨᠡᠶᠢᠲᠡ ᠶᠢᠨ ᠦᠢᠯᠡᠴᠢᠯᠡᠭᠡᠨ ᠤ | ᠳᠤᠲᠠᠭᠤᠳᠠᠯ ᠪᠠᠭᠤᠷᠠᠶ ᠲᠠᠯ᠎ᠠ ᠶᠢ ᠨᠥᠬᠦᠪᠥᠷᠢᠯᠡᠵᠦ᠂ ᠠᠮᠤ ᠪᠤᠳᠠᠭᠠᠨ ᠤ ᠠᠮᠤᠷ ᠲᠦᠪᠰᠢᠨ ᠢ ᠪᠠᠬᠢᠵᠢᠭᠦᠯᠦᠨ᠂ ᠠᠮᠤ | ᠪᠤᠳᠠᠭ᠎ᠠ ᠳᠠᠷᠢᠬᠤ ᠲᠠᠷᠢᠶᠠᠴᠢᠳ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠯ᠎ᠠ ᠪᠠᠷ ᠬᠢ ᠪᠠᠴᠢᠮᠳᠠᠵᠤ | ᠬᠦᠴᠢᠷᠳᠡᠵᠦ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠵᠦ᠂ ᠮᠠᠨ ᠤ ᠬᠤᠰᠢᠭᠤᠨ ᠤ ᠣᠯᠠᠨ | ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠳᠤ ᠰᠠᠭᠤᠷᠢ ᠲᠠᠯᠪᠢᠵᠤ | ᠥᠭᠭᠦᠭᠰᠡᠨ ᠪᠠᠶᠢᠨ᠎ᠠ᠃ |