ᠤᠯᠠᠭᠠᠨᠬᠠᠳᠠ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠤᠨ ᠭᠤᠷᠪᠠᠳᠤᠭᠠᠷ ᠰᠢᠪᠠᠳᠠᠨ ᠪᠠᠶᠢᠴᠠᠭᠠᠬᠤ ᠳᠤᠭᠤᠶᠢᠯᠠᠩ ᠤᠨ ᠮᠠᠨ ᠤ ᠬᠤᠰᠢᠭᠤᠨ ᠳᠤ ᠢᠷᠡᠵᠦ ᠰᠢᠪᠠᠳᠠᠨ ᠪᠠᠶᠢᠴᠠᠭᠠᠪᠠ
ᠨᠡᠶᠢᠲᠡᠯᠡᠭᠰᠡᠨ ᠴᠠᠭ᠄
2024/11/26
             ᠣᠷᠴᠢᠮ ᠤᠨ ᠡᠳᠦᠷ᠂ ᠤᠯᠠᠭᠠᠨᠬᠠᠳᠠ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠤᠨ ᠭᠤᠷᠪᠠᠳᠤᠭᠠᠷ ᠰᠢᠪᠠᠳᠠᠨ ᠪᠠᠶᠢᠴᠠᠭᠠᠬᠤ ᠳᠤᠭᠤᠶᠢᠯᠠᠩ ᠤᠨ ᠮᠠᠨ ᠤ ᠬᠤᠰᠢᠭᠤᠨ ᠳᠤ ᠢᠷᠡᠵᠦ ᠨᠠᠮᠤᠷ ᠡᠪᠦᠯ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠰᠢᠪᠠᠳᠠᠨ ᠪᠠᠶᠢᠴᠠᠭᠠᠪᠠ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶ ᠰᠢᠤᠢ ᠳ᠋ᠦᠩ ᠶᠠᠷᠢᠯᠴᠠᠬᠤ ᠬᠤᠷᠠᠯ ᠢ ᠡᠷᠭᠢᠯᠡᠪᠡ᠃
C:\Users\Administrator\Desktop\1.jpg
    ᠰᠢᠪᠠᠳᠠᠨ ᠪᠠᠶᠢᠴᠠᠭᠠᠬᠤ ᠳᠤᠭᠤᠶᠢᠯᠠᠩ ᠤᠨ ᠲᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠬᠦ᠂ ᠲᠤᠬᠠᠶ ᠶᠢᠨ ᠭᠠᠵᠠᠷ ᠲᠤᠨᠢ ᠪᠠᠶᠢᠴᠠᠭᠠᠬᠤ᠂ ᠶᠠᠷᠢᠯᠴᠠᠨ ᠰᠣᠯᠢᠯᠴᠠᠬᠤ ᠵᠡᠷᠭᠡ ᠠᠷᠭ᠎ᠠ ᠮᠠᠶ᠋ᠢᠭ ᠢ ᠠᠪᠴᠤ᠂ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ᠂ ᠬᠡᠭᠡᠷ᠎ᠡ ᠶᠢᠨ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠵᠦ ᠪᠠᠶᠢᠭ᠎ᠠ ᠪᠠᠶᠢᠳᠠᠯ᠂ ᠤᠬᠠᠭᠤᠯᠭ᠎ᠠ ᠬᠥᠮᠦᠵᠢᠯ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠡᠷᠭᠡ ᠪᠥᠬᠦ ᠲᠠᠯ᠎ᠠ ᠪᠠᠷ ᠰᠢᠰᠲ᠋ᠧᠮ ᠲᠠᠢ ᠰᠢᠪᠠᠳᠠᠨ ᠵᠢᠯᠣᠭᠤᠳᠴᠤ ᠪᠠᠶᠢᠴᠠᠭᠠᠪᠠ᠃ ᠡᠭᠦᠨ ᠤ ᠬᠠᠮᠲᠤ᠂ ᠳ᠋ᠠ ᠾᠧᠢ ᠱᠠᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠳ᠋ᠠ ᠾᠸᠢ ᠱᠠᠨ ᠤᠢ ᠰᠢᠭᠤᠢ ᠶᠢᠨ ᠲᠠᠯᠠᠪᠠᠢ᠂ ᠠᠤᠬᠠᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠳ᠋ ᠪᠣᠳᠠᠰ ᠤᠨ ᠨᠥᠭᠡᠴᠡ ᠶᠢᠨ ᠬᠥᠮᠥᠷᠭᠡ ᠵᠡᠷᠭᠡ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠪᠠᠶᠢᠴᠠᠭᠠᠯᠲᠠ ᠬᠢᠪᠡ᠃
C:\Users\Administrator\Desktop\2.jpg
   ᠶᠠᠷᠢᠯᠴᠠᠬᠤ ᠬᠤᠷᠠᠯ ᠳᠡᠭᠡᠷ᠎ᠡ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠪᠥᠬᠦ ᠬᠤᠰᠢᠭᠤᠨ ᠤ 2024 ᠣᠨ ᠤ ᠨᠠᠮᠤᠷ ᠡᠪᠦᠯ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠬᠠᠷᠢᠭᠤ ᠮᠡᠳᠡᠭᠦᠯᠪᠡ᠃ ᠰᠢᠪᠠᠳᠠᠨ ᠪᠠᠶᠢᠴᠠᠭᠠᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠤ ᠨᠠᠮᠤᠷ ᠡᠪᠦᠯ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠡᠯ᠎ᠡ ᠵᠦᠢᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠭᠦᠢᠴᠡᠳ ᠨᠤᠲᠠᠯᠠᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠴᠠᠢ᠃  ᠰᠢᠪᠠᠳᠠᠨ ᠪᠠᠶᠢᠴᠠᠭᠠᠬᠤ ᠳᠤᠭᠤᠶᠢᠯᠠᠩ ᠤᠨ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠨᠢ ᠤᠯᠤᠰ ᠤᠨ ᠠᠮᠢ ᠠᠬᠤᠶ ᠶᠢᠨ ᠠᠮᠤᠷ ᠲᠦᠪᠰᠢᠨ ᠪᠠ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠲᠠᠢ ᠬᠤᠯᠪᠣᠭᠳᠠᠨ᠎ᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠭᠠᠯ ᠰᠡᠷᠭᠡᠶᠢᠯᠡᠬᠦ ᠡᠨᠡ ᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂  ᠭᠤᠷᠢᠳᠠᠬᠤ ᠪᠣᠳᠣᠯ ᠢ ᠡᠷᠡᠰ ᠳᠡᠪᠴᠢᠵᠤ᠂ ᠭᠤᠤᠯᠳᠠᠭᠤ ︽ᠰᠡᠷᠭᠡᠶᠢᠯᠡᠬᠦ︾ ᠳᠡᠭᠡᠷ᠎ᠡ ᠬᠦᠴᠦ ᠲᠠᠯᠪᠢᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ᠂ ᠡᠳᠦᠷ ᠲᠤᠲᠤᠮ ᠤᠨ ᠲᠣᠭᠤᠷᠢᠨ ᠬᠠᠮᠠᠭᠠᠯᠠᠬᠤ ᠤᠬᠠᠭᠤᠯᠭ᠎ᠠ ᠬᠥᠮᠦᠵᠢᠯ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠵᠤ᠂ ᠡᠯ᠎ᠡ ᠵᠦᠢᠯ ᠤᠨ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ  ᠭᠡᠵᠦ ᠵᠢᠭᠠᠨ ᠭᠠᠷᠭᠠᠪᠠ᠃
C:\Users\Administrator\Desktop\3.jpg
     ᠰᠢᠪᠠᠳᠠᠨ ᠪᠠᠶᠢᠴᠠᠭᠠᠬᠤ ᠳᠤᠭᠤᠶᠢᠯᠠᠩ ᠠᠴᠠ ᠂ ᠡᠨᠡ ᠵᠢᠯ ᠬᠤᠷ᠎ᠠ ᠪᠣᠷᠣᠭᠠᠨ ᠡᠯᠪᠡᠭ᠂ ᠤᠢ ᠰᠢᠭᠤᠢ ᠶᠢᠨ ᠬᠤᠷᠮᠣᠢ ᠶᠢᠨ ᠰᠢᠲᠠᠮᠠᠬᠠᠢ ᠪᠣᠳᠠᠰ ᠨᠡᠮᠡᠭᠳᠡᠵᠦ᠂ ᠭᠠᠯ ᠰᠡᠷᠭᠡᠶᠢᠯᠡᠬᠦ ᠪᠠᠶᠢᠳᠠᠯ ᠬᠦᠨᠳᠦ ᠨᠣᠴᠢᠲᠠᠢ ᠪᠠᠶᠢᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠡᠨᠡ ᠵᠢᠯ ᠤᠨ ᠨᠠᠮᠤᠷ ᠡᠪᠦᠯ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠬᠦᠨᠳᠦ ᠨᠣᠴᠢᠲᠠᠢ ᠴᠢᠨᠠᠷ ᠪᠣᠯᠤᠨ ᠨᠠᠷᠢᠨ ᠪᠤᠳᠤᠯᠢᠶᠠᠨᠲᠤ ᠴᠢᠨᠠᠷ ᠢ ᠭᠦᠢᠴᠡᠳ ᠲᠠᠨᠢᠵᠤ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠭᠤᠣᠯᠳᠠᠯᠭ᠎ᠠ ᠲᠠᠢ ᠭᠠᠵᠠᠷ ᠣᠷᠣᠨ᠂ ᠵᠠᠩᠭᠢᠯᠠᠭ᠎ᠠ ᠶᠢᠨ ᠬᠡᠰᠡᠭ ᠢ ᠴᠢᠩᠭ᠎ᠠ ᠠᠩᠬᠠᠷᠴᠤ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠦᠨᠡᠨᠬᠦ ᠪᠣᠳᠠᠲᠠᠢ ᠠᠳᠬᠤᠵᠤ᠂ ᠨᠠᠷᠢᠯᠢᠭ ᠠᠳᠬᠤᠬᠤ ᠬᠡᠷᠡᠭᠲᠡᠢ᠃ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠪᠠᠶᠢᠴᠠᠭᠠᠯᠲᠠ ᠶᠢᠨ ᠥᠷᠲᠡᠭᠡ ᠶᠢᠨ ᠵᠢᠵᠢᠭᠦᠷᠯᠡᠨ ᠰᠠᠬᠢᠬᠤ ᠬᠥᠮᠥᠰ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠴᠢᠩᠭᠠᠳᠬᠠᠵᠤ᠂ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ︽ᠬᠠᠷᠢᠭᠤᠴᠠᠯᠭ᠎ᠠ ᠶᠢ ᠲᠠᠰᠤᠯᠳᠠᠭᠤᠯᠬᠤ ᠦᠭᠡᠢ᠂ ᠵᠢᠵᠢᠭᠦᠷᠯᠡᠨ ᠰᠠᠬᠢᠬᠤ  ᠶᠢ ᠣᠷᠬᠢᠭᠳᠠᠭᠤᠯᠬᠤ ᠦᠭᠡᠢ᠂ ᠪᠠᠶᠢᠴᠠᠭᠠᠯᠲᠠ ᠶᠢ ᠣᠮᠲᠣᠭᠠᠶᠢᠯᠠᠬᠤ ᠦᠭᠡᠢ᠂ ᠲᠣᠭᠤᠷᠢᠨ ᠬᠠᠮᠠᠭᠠᠯᠠᠬᠤ ᠶᠢ ᠠᠷᠭᠠᠴᠠᠬᠤ ᠦᠭᠡᠢ︾ ᠪᠠᠶᠢᠬᠤ ᠶᠢ ᠦᠨᠡᠨ ᠬᠦ ᠪᠠᠲᠤᠯᠠᠵᠤ᠂ ︽ᠤᠢ ᠰᠢᠭᠤᠢ ᠶᠢ ᠬᠠᠮᠢᠶᠠᠷᠴᠤ᠂ ᠬᠥᠮᠥᠨ ᠢ ᠰᠠᠬᠢᠵᠤ᠂ ᠭᠠᠯ ᠢ ᠰᠡᠷᠭᠡᠶᠢᠯᠡᠬᠦ︾ ᠶᠢ ᠡᠷᠡᠰ ᠪᠡᠶᠡᠯᠡᠭᠦᠯᠬᠦ ᠬᠡᠷᠡᠭᠲᠡᠢ᠃ ᠭᠠᠯ ᠰᠡᠷᠭᠡᠶᠢᠯᠡᠬᠦ ᠤᠬᠠᠭᠤᠯᠭ᠎ᠠ᠂ ᠰᠡᠷᠡᠮᠵᠢᠯᠡᠭᠦᠯᠬᠦ ᠬᠥᠮᠦᠵᠢᠯ ᠤᠨ ᠡᠷᠴᠢᠮ ᠢᠶᠠᠨ ᠴᠢᠩᠭᠠᠷᠠᠭᠤᠯᠵᠤ᠂ ᠭᠠᠯ ᠰᠡᠷᠭᠡᠶᠢᠯᠡᠬᠦ ᠤᠬᠠᠭᠤᠯᠭ᠎ᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠪᠦᠬᠦ ᠬᠤᠳᠠ ᠶᠢᠨ ᠤᠢ ᠰᠢᠭᠤᠢ ᠨᠤᠲᠤᠭ ᠪᠡᠯᠴᠢᠭᠡᠷ ᠤᠨ ︽ᠭᠠᠯ ᠰᠡᠷᠭᠡᠶᠢᠯᠡᠬᠦ ᠬᠡᠷᠡᠮ︾ ᠢ ᠪᠠᠲᠤ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠪᠠ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠪᠠᠷ᠎ᠠ ᠪᠣᠯᠵᠣ ᠰᠢᠪᠠᠳᠠᠨ ᠪᠠᠶᠢᠴᠠᠭᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号