| ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | | ᠥᠪᠥᠷ ᠵᠠᠰᠠᠭ ᠠᠯᠪᠠᠨ ᠲᠠᠷᠬᠠᠭᠠᠭᠰᠠᠨ ﹇2024﹈ 33 ᠳ᠋ᠤᠭᠠᠷ ᠲᠣᠭᠠᠲᠤ | | ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠲᠥᠷᠥᠯ ᠵᠦᠢᠯ ᠤᠨ ᠲᠠᠯ᠎ᠠ ᠪᠠᠷ ᠨᠤᠲᠤᠭ | ᠪᠡᠯᠴᠢᠭᠡᠷ | ᠲᠠᠲᠠᠪᠤᠷᠢᠯᠠᠨ ᠬᠡᠷᠡᠭᠯᠡᠬᠦ ᠡᠵᠡᠯᠡᠨ ᠬᠡᠷᠡᠭᠯᠡᠬᠦ ᠵᠡᠷᠭᠡ ᠶᠢᠨ ᠭᠠᠷᠳᠠᠮ ᠢ ᠭᠦᠢᠴᠡᠳᠬᠡᠬᠦ ᠬᠤᠯᠪᠣᠭᠳᠠᠯ ᠪᠦᠬᠦᠢ | ᠠᠰᠠᠭᠤᠳᠠᠯ ᠤᠨ | ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠮᠡᠳᠡᠭᠳᠡᠯ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ | ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ | ᠬᠤᠷᠢᠶᠠᠨ ᠤ ᠰᠠᠨᠠᠯ︾ ︵ᠲᠥᠷᠥ ᠲᠠᠷᠬᠠᠭᠠᠭᠰᠠᠨ ﹇2023﹈ 16 ᠳ᠋ᠤᠭᠠᠷ ᠲᠣᠭᠠᠲᠤ︶ ᠪᠠ ︽ᠥᠪᠥᠷ ᠮᠣᠩᠭᠤᠯ | ᠡᠬᠢ ᠪᠠᠶᠠᠯᠢᠭ ᠤᠨ ᠳᠠᠪᠠᠭᠤᠯᠢᠭ ᠢᠶᠠᠨ ᠪᠠᠳᠠᠷᠠᠭᠤᠯᠵᠤ ᠴᠢᠨᠠᠷ ᠰᠠᠶᠢᠲᠠᠢ ᠬᠥᠭᠵᠢᠯᠲᠡ ᠪᠠᠨ ᠠᠬᠢᠭᠤᠯᠬᠤ ᠶᠢ ᠳᠡᠮᠵᠢᠬᠦ | ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠰᠠᠨᠠᠯ︾ ︵ᠪᠠᠶᠢᠭᠠᠯᠢ ᠡᠬᠢ ᠵᠠᠬᠢᠳᠠᠯ ﹇2024﹈ 224 | ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠢ ᠴᠢᠩᠭ᠎ᠠ | ᠠᠳᠬᠤᠨ᠂ ᠠᠭᠤᠷᠬᠠᠢ ᠶᠢᠨ ᠡᠬᠢ ᠪᠠᠶᠠᠯᠢᠭ ᠢ ᠬᠡᠷᠡᠭᠯᠡᠬᠦ ᠡᠷᠬᠡ ᠪᠠᠨ ᠤᠯᠠᠮ ᠨᠢᠭᠡ ᠠᠯᠬᠤᠮ ᠬᠥᠭᠵᠢᠭᠡᠵᠦ᠂ ᠪᠥᠬᠦ | ᠣᠷᠣᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠲᠥᠷᠥᠯ ᠵᠦᠢᠯ ᠳᠤ ᠨᠤᠲᠤᠭ | ᠪᠡᠯᠴᠢᠭᠡᠷ ᠲᠠᠲᠠᠪᠤᠷᠢᠯᠠᠨ ᠬᠡᠷᠡᠭᠯᠡᠬᠦ ᠡᠵᠡᠯᠡᠨ ᠬᠡᠷᠡᠭᠯᠡᠬᠦ ᠵᠡᠷᠭᠡ ᠶᠢᠨ ᠭᠠᠷᠳᠠᠮ ᠢ ᠭᠦᠢᠴᠡᠳᠬᠡᠬᠦ ᠪᠠᠨ ᠬᠠᠤᠯᠢ ᠲᠣᠭᠲᠠᠭᠠᠯ | ᠶᠣᠰᠣᠭᠠᠷ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠡᠳᠦᠭᠡ ᠬᠤᠯᠪᠣᠭᠳᠠᠯ ᠪᠦᠬᠦᠢ ᠠᠰᠠᠭᠤᠳᠠᠯ ᠤᠳ ᠢ ᠳᠣᠣᠷᠠᠬᠢ ᠮᠡᠲᠦ ᠮᠡᠳᠡᠭᠳᠡᠪᠡ᠃ | ᠨᠢᠭᠡ᠂ ︽ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠠᠪᠤᠴᠠ ᠳᠤ ᠨᠤᠲᠤᠭ ᠪᠡᠯᠴᠢᠭᠡᠷ ᠤᠨ ᠠᠮᠢ | ᠠᠬᠤᠢ ᠶᠢᠨ ᠬᠠᠮᠠᠭᠠᠯᠠᠯᠲᠠ ᠶᠢ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇ | 2021﹈ 7 ᠳ᠋ᠤᠭᠠᠷ ᠲᠣᠭᠠᠲᠤ︶ ᠪᠠ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ | ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ | ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠨᠧᠷᠭᠢ ᠶᠢᠨ ᠲᠣᠪᠴᠢᠶᠠᠨ ᠤ ︽ᠲᠠᠲᠠᠪᠤᠷᠢᠯᠠᠨ | ᠬᠡᠷᠡᠭᠯᠡᠬᠦ ᠡᠵᠡᠯᠡᠨ ᠬᠡᠷᠡᠭᠯᠡᠬᠦ ᠨᠤᠲᠤᠭ ᠪᠡᠯᠴᠢᠭᠡᠷ ᠣᠶᠢᠲᠤ ᠭᠠᠵᠠᠷ ᠤᠨ ᠬᠤᠪᠢᠶᠠᠷᠢᠯᠠᠯ ᠤᠨ ᠬᠡᠷᠡᠭᠴᠡᠭᠡᠨ ᠤ ᠬᠠᠮᠢᠶᠠᠷᠤᠨ | ᠡᠵᠡᠮᠳᠡᠬᠦ ᠶᠢ ᠬᠡᠷᠡᠭᠵᠢᠭᠦᠯᠬᠦ ᠲᠤᠬᠠᠢ ᠮᠡᠳᠡᠭᠳᠡᠯ︾ ︵ᠥᠪᠥᠷ ᠣᠢ ᠪᠡᠯᠴᠢᠭᠡᠷ ᠪᠡᠯᠴᠢᠭᠡᠷ ᠬᠢᠨᠠᠯᠲᠠ ᠲᠠᠷᠬᠠᠭᠠᠭᠰᠠᠨ ﹇ | 2021﹈ 257 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠲᠣᠭᠲᠠᠭᠠᠯ ᠢ ᠦᠨᠳᠦᠰᠦᠯᠡᠪᠡᠯ᠂ ︽ᠰᠢᠨ᠎ᠡ | ᠨᠡᠭᠡᠭᠡᠭᠰᠡᠨ ᠵᠠᠳᠠᠭᠠᠢ ᠠᠭᠤᠷᠬᠠᠢ︾ ᠭᠡᠳᠡᠭ ᠨᠢ 2021 ᠣᠨ ᠤ 2 ᠳ᠋ᠤᠭᠠᠷ ᠰᠠᠷ᠎ᠠ ᠶᠢᠨ 6 ᠤ ᠡᠳᠦᠷ ᠥᠪᠥᠷ | ᠵᠠᠰᠠᠭ ᠠᠯᠪᠠᠨ ᠲᠠᠷᠬᠠᠭᠠᠭᠰᠠᠨ ﹇2021﹈ 7 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠢ ᠳᠠᠷᠤᠮᠠᠯᠯᠠᠨ | ᠶᠠᠪᠤᠭᠤᠯᠤᠭᠰᠠᠨ ᠤ ᠳᠠᠷᠠᠭ᠎ᠠ ᠰᠢᠨ᠎ᠡ ᠬᠤᠳᠠᠯᠳᠤᠨ ᠰᠢᠯᠵᠢᠭᠦᠯᠦᠭᠰᠡᠨ ᠵᠠᠳᠠᠭᠠᠢ ᠠᠷᠭ᠎ᠠ ᠮᠠᠶ᠋ᠢᠭ ᠢᠶᠠᠷ ᠨᠡᠭᠡᠭᠡᠵᠦ | ᠮᠠᠯᠲᠠᠭᠰᠠᠨ ᠠᠭᠤᠷᠬᠠᠢ ᠶᠢᠨ ᠡᠬᠢ ᠪᠠᠶᠠᠯᠢᠭ ᠢ ᠬᠡᠷᠡᠭᠯᠡᠬᠦ ᠡᠷᠬᠡ ᠲᠠᠢ ᠲᠥᠷᠥᠯ ᠵᠦᠢᠯ ᠢ ᠵᠢᠭᠠᠵᠤ ᠪᠣᠶ︔ ᠥᠪᠥᠷ | ᠵᠠᠰᠠᠭ ᠠᠯᠪᠠᠨ ᠲᠠᠷᠬᠠᠭᠠᠭᠰᠠᠨ ﹇2021﹈ 7 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠢ ᠨᠡᠶᠢᠲᠡᠯᠡᠬᠦ ᠠᠴᠠ ᠡᠮᠦᠨ᠎ᠡ | ᠨᠢᠭᠡᠨᠲᠡ ᠠᠭᠤᠷᠬᠠᠢ ᠬᠠᠶᠢᠬᠤ ᠡᠷᠬᠡ᠂ ᠠᠭᠤᠷᠬᠠᠢ ᠬᠠᠶᠢᠬᠤ ᠡᠷᠬᠡ ᠪᠠᠨ ᠠᠭᠤᠷᠬᠠᠢ ᠮᠠᠯᠲᠠᠬᠤ ᠡᠷᠬᠡ ᠪᠣᠯᠭᠠᠨ | ᠰᠢᠯᠵᠢᠭᠦᠯᠦᠭᠰᠡᠨ᠂ ᠠᠭᠤᠷᠬᠠᠢ ᠮᠠᠯᠲᠠᠬᠤ ᠡᠷᠬᠡ᠂ ᠡᠰᠡᠬᠦᠯ᠎ᠡ ᠵᠠᠬ᠎ᠠ ᠳᠡᠯᠭᠡᠭᠦᠷ ᠢᠶᠠᠷ ᠬᠤᠳᠠᠯᠳᠤᠨ ᠰᠢᠯᠵᠢᠭᠦᠯᠦᠭᠰᠡᠨ᠂ | ᠠᠭᠤᠷᠬᠠᠢ ᠶᠢᠨ ᠡᠬᠢ ᠪᠠᠶᠠᠯᠢᠭ ᠤᠨ ᠬᠡᠷᠡᠭᠯᠡᠬᠦ ᠡᠷᠬᠡ ᠪᠠᠨ ᠬᠤᠳᠠᠯᠳᠤᠨ ᠰᠢᠯᠵᠢᠭᠦᠯᠦᠭᠰᠡᠨ ᠠᠰᠢᠭ ᠣᠯᠵᠠᠪᠤᠷᠢ ᠶᠢ ᠨᠢ | ᠲᠤᠰᠢᠶᠠᠭᠰᠠᠨ ᠠᠭᠤᠷᠬᠠᠢ ᠶᠢᠨ ᠡᠬᠢ ᠪᠠᠶᠠᠯᠢᠭ ᠤᠨ ᠬᠠᠶᠢᠨ ᠪᠠᠶᠢᠴᠠᠭᠠᠵᠤ ᠨᠡᠭᠡᠭᠡᠨ ᠠᠰᠢᠭᠯᠠᠬᠤ ᠲᠥᠷᠥᠯ ᠵᠦᠢᠯ ᠢ | ᠬᠠᠤᠯᠢ ᠶᠣᠰᠣᠭᠠᠷ ᠣᠯᠣᠭᠰᠠᠨ ᠪᠠᠶᠢᠪᠠᠯ᠂ ᠰᠢᠨ᠎ᠡ ᠨᠡᠭᠡᠭᠡᠭᠰᠡᠨ ᠠᠭᠤᠷᠬᠠᠢ ᠪᠠᠷ ᠲᠣᠭᠲᠠᠭᠠᠬᠤ ᠦᠭᠡᠢ︔ ︽ᠨᠤᠲᠤᠭ | ᠪᠡᠯᠴᠢᠭᠡᠷ ᠤᠨ ᠠᠮᠢ ᠠᠬᠤᠢ ᠶᠢᠨ ᠤᠯᠠᠭᠠᠨ ᠱᠤᠭᠤᠮ ᠤᠨ ᠳᠣᠲᠣᠷ᠎ᠠ︾ ᠭᠡᠳᠡᠭ ᠨᠢ ᠠᠮᠢ ᠠᠬᠤᠢ ᠶᠢᠨ | ᠬᠠᠮᠠᠭᠠᠯᠠᠯᠲᠠ ᠶᠢᠨ ᠤᠯᠠᠭᠠᠨ ᠱᠤᠭᠤᠮ ᠳᠣᠲᠣᠷᠠᠬᠢ ᠨᠤᠲᠤᠭ ᠪᠡᠯᠴᠢᠭᠡᠷ ᠪᠠ ᠠᠮᠢ ᠠᠬᠤᠢ ᠶᠢᠨ ᠬᠠᠮᠠᠭᠠᠯᠠᠯᠲᠠ ᠶᠢᠨ | ᠤᠯᠠᠭᠠᠨ ᠱᠤᠭᠤᠮ ᠠᠴᠠ ᠭᠠᠳᠠᠨᠠᠬᠢ ᠦᠨᠳᠦᠰᠦᠨ ᠨᠤᠲᠤᠭ ᠪᠡᠯᠴᠢᠭᠡᠷ ᠢ ᠵᠢᠭᠠᠵᠤ ᠪᠣᠢ᠂ ᠡᠭᠦᠨ ᠠᠴᠠ ᠪᠤᠰᠤᠳ | ᠨᠤᠲᠤᠭ ᠪᠡᠯᠴᠢᠭᠡᠷ ᠨᠢ ᠡᠩ ᠤᠨ ᠨᠤᠲᠤᠭ ᠪᠡᠯᠴᠢᠭᠡᠷ ᠲᠤ ᠬᠠᠷᠢᠶᠠᠯᠠᠭᠳᠠᠬᠤ ᠪᠣᠯᠬᠤᠷ᠂ ᠨᠤᠲᠤᠭ ᠪᠡᠯᠴᠢᠭᠡᠷ ᠤᠨ | ᠬᠤᠪᠢᠶᠠᠷᠢᠯᠠᠯ ᠤᠨ ᠬᠡᠷᠡᠭᠴᠡᠭᠡᠨ ᠤ ᠬᠠᠮᠢᠶᠠᠷᠤᠨ ᠡᠵᠡᠮᠳᠡᠬᠦ ᠳᠦᠷᠢᠮ ᠢ ᠬᠡᠷᠡᠭᠵᠢᠭᠦᠯᠬᠦ ᠬᠡᠷᠡᠭᠲᠡᠢ᠃ | ᠬᠤᠶᠠᠷ᠂ ᠥᠪᠥᠷ ᠵᠠᠰᠠᠭ ᠠᠯᠪᠠᠨ ᠲᠠᠷᠬᠠᠭᠠᠭᠰᠠᠨ ﹇2021﹈ 7 ᠳ᠋ᠤᠭᠠᠷ ᠲᠣᠭᠠᠲᠤ ᠶᠢ ᠳᠠᠷᠤᠮᠠᠯᠯᠠᠨ | ᠶᠠᠪᠤᠭᠤᠯᠬᠤ ᠠᠴᠠ ᠡᠮᠦᠨ᠎ᠡ ᠨᠢᠭᠡᠨᠲᠡ ᠠᠭᠤᠷᠬᠠᠢ ᠶᠢᠨ ᠡᠬᠢ ᠪᠠᠶᠠᠯᠢᠭ ᠬᠡᠷᠡᠭᠯᠡᠬᠦ ᠡᠷᠬᠡ ᠲᠣᠬᠢᠷᠠᠭᠤᠯᠤᠭᠠᠳ ᠪᠠᠶᠢᠭ᠎ᠠ | ᠥᠪᠡᠷᠲᠡᠭᠡᠨ ᠵᠠᠰᠠᠬᠤ ᠣᠷᠣᠨ ᠤ ᠳᠠᠪᠠᠭᠤᠯᠢᠭ ᠠᠭᠤᠷᠬᠠᠢ ᠪᠠ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ | ᠪᠥᠭᠡᠮᠨᠡᠷᠡᠯ ᠳᠤ ᠴᠢᠬᠤᠯᠠ ᠶᠡᠭᠡ ᠲᠤᠯᠭᠠᠭᠤᠷᠢᠯᠠᠬᠤ ᠦᠢᠯᠡᠳᠦᠯ ᠲᠠᠢ ᠠᠭᠤᠷᠬᠠᠢ ᠶᠢᠨ ᠡᠬᠢ ᠪᠠᠶᠠᠯᠢᠭ ᠬᠡᠷᠡᠭᠯᠡᠬᠦ | ᠡᠷᠬᠡ ᠶᠢᠨ ᠲᠥᠷᠥᠯ ᠵᠦᠢᠯ ︵ᠠᠮᠢ ᠠᠬᠤᠢ ᠣᠷᠴᠢᠨ ᠲᠣᠭᠤᠷᠢᠨ ᠢ ᠶᠡᠭᠡ ᠪᠠᠷ ᠡᠪᠳᠡᠭᠰᠡᠨ᠂ ᠣᠷᠣᠨ ᠨᠤᠲᠤᠭ ᠲᠤ | ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ ᠳᠣᠣᠷ᠎ᠠ ᠪᠠᠶᠢᠭ᠎ᠠ ᠵᠠᠳᠠᠭᠠᠢ ᠨᠡᠭᠡᠭᠡᠨ ᠮᠠᠯᠲᠠᠬᠤ ᠲᠥᠷᠥᠯ | ᠵᠦᠢᠯ ᠠᠴᠠ ᠭᠠᠳᠠᠨ᠎ᠠ︶ ᠪᠣᠯᠬᠤ᠂ ᠲᠡᠭᠡᠬᠦ ᠮᠥᠷᠲᠡᠭᠡᠨ ᠦᠨᠳᠦᠰᠦᠨ ᠨᠤᠲᠤᠭ ᠪᠡᠯᠴᠢᠭᠡᠷ ᠢ ᠡᠵᠡᠯᠡᠨ ᠬᠡᠷᠡᠭᠯᠡᠭᠰᠡᠨ | ᠦᠭᠡᠢ ᠪᠠᠶᠢᠪᠠᠯ᠂ ᠨᠤᠲᠤᠭ ᠪᠡᠯᠴᠢᠭᠡᠷ ᠲᠠᠲᠠᠪᠤᠷᠢᠯᠠᠨ ᠬᠡᠷᠡᠭᠯᠡᠬᠦ ᠡᠵᠡᠯᠡᠨ ᠬᠡᠷᠡᠭᠯᠡᠬᠦ ᠵᠡᠷᠭᠡ ᠭᠠᠷᠳᠠᠮ ᠭᠦᠢᠴᠡᠳᠬᠡᠬᠦ ᠶᠢ | ᠳᠡᠰ ᠳᠠᠷᠠᠭᠠᠯᠠᠯ ᠲᠠᠢ ᠪᠠᠷ ᠠᠬᠢᠭᠤᠯᠵᠤ ᠪᠣᠯᠣᠨ᠎ᠠ᠃ | ᠭᠤᠷᠪᠠ᠂ ᠡᠬᠢ ᠪᠠᠶᠠᠯᠢᠭ ᠢᠶᠠᠨ ᠡᠷᠴᠢᠮᠵᠢᠭᠦᠯᠦᠨ ᠠᠷᠪᠢᠲᠠᠢ ᠠᠰᠢᠭᠯᠠᠬᠤ ᠶᠢ ᠠᠬᠢᠭᠤᠯᠬᠤ ᠶᠢᠨ ᠲᠤᠰᠠᠳᠠ᠂ | ᠨᠡᠭᠦᠷᠡᠰᠦᠨ ᠤ ᠦᠢᠷᠡᠮᠡᠭ ᠤᠨ ᠡᠬᠢ ᠪᠠᠶᠠᠯᠢᠭ ︵ᠨᠡᠭᠦᠷᠡᠰᠦᠨ ᠤ ᠠᠭᠤᠷᠬᠠᠢ ᠶᠢᠨ ᠲᠣᠭᠤᠷᠢᠭ ᠤᠨ ᠶᠡᠷᠦᠩᠬᠡᠢ | ᠲᠥᠯᠦᠪᠵᠢᠭᠦᠯᠭᠡ ᠳᠤ ᠲᠣᠬᠢᠷᠠᠭᠤᠯᠤᠭᠰᠠᠨ ᠨᠡᠭᠦᠷᠡᠰᠦᠨ ᠤ ᠠᠭᠤᠷᠬᠠᠢ ᠶᠢᠨ ᠠᠢ ᠰᠠᠪᠠ ᠶᠢᠨ ᠬᠡᠪᠴᠢᠶ᠎ᠡ ᠬᠢᠭᠡᠳ | ᠲᠣᠬᠢᠷᠠᠭᠤᠯᠤᠭᠠᠳ ᠪᠠᠶᠢᠭ᠎ᠠ ᠨᠡᠭᠦᠷᠡᠰᠦᠨ ᠤ ᠠᠭᠤᠷᠬᠠᠢ ᠶᠢᠨ ᠡᠬᠢ ᠪᠠᠶᠠᠯᠢᠭ ᠬᠡᠷᠡᠭᠯᠡᠬᠦ ᠡᠷᠬᠡ ᠶᠢᠨ ᠬᠡᠪᠴᠢᠶᠡᠨ ᠳᠠᠬᠢ | ᠬᠡᠯᠪᠡᠷᠢ ᠳᠦᠷᠰᠦ ᠨᠢ ᠡᠮᠬᠢ ᠦᠭᠡᠢ᠂ ᠲᠠᠯᠠᠪᠠᠶ ᠨᠢ ᠨᠡᠯᠢᠶᠡᠳ ᠪᠠᠭ᠎ᠠ᠂ ᠠᠭᠤᠷᠬᠠᠢ ᠶᠢᠨ ᠡᠬᠢ ᠪᠠᠶᠠᠯᠢᠭ ᠬᠡᠷᠡᠭᠯᠡᠬᠦ | ᠡᠷᠬᠡ ᠶᠢ ᠨᠢ ᠲᠤᠰᠠᠭᠠᠷ ᠬᠤᠪᠢᠶᠠᠷᠢᠯᠠᠬᠤ ᠳᠤ ᠲᠣᠬᠢᠷᠠᠬᠤ ᠦᠭᠡᠢ᠂ ᠭᠡᠪᠡᠴᠦ ᠮᠥᠨ ᠬᠦ ᠡᠬᠢ ᠪᠠᠶᠠᠯᠢᠭ ᠤᠨ ᠨᠥᠭᠡᠴᠡ | ᠲᠠᠢ ᠪᠠᠶᠢᠭ᠎ᠠ ᠬᠤᠭᠤᠰᠤᠨ ᠣᠷᠣᠨ︶ ᠨᠢ ᠨᠤᠲᠤᠭ ᠪᠡᠯᠴᠢᠭᠡᠷ ᠢ ᠡᠵᠡᠯᠡᠨ ᠬᠡᠷᠡᠭᠯᠡᠬᠦ ᠳᠤ ᠬᠤᠯᠪᠣᠭᠳᠠᠭᠰᠠᠨ ᠪᠠᠶᠢᠪᠠᠯ᠂ | ᠨᠡᠭᠦᠷᠡᠰᠦᠨ ᠤ ᠦᠢᠷᠡᠮᠡᠭ ᠤᠨ ᠡᠬᠢ ᠪᠠᠶᠠᠯᠢᠭ ᠢ ᠬᠤᠳᠠᠯᠳᠤᠨ ᠰᠢᠯᠵᠢᠭᠦᠯᠬᠦ ᠵᠢᠴᠢ ᠬᠤᠶᠢᠰᠢᠳᠠ ᠡᠷᠬᠢᠨ | ᠲᠣᠭᠤᠷᠢᠨ ᠳᠤ ᠨᠢ ᠲᠣᠬᠢᠷᠠᠭᠤᠯᠤᠭᠠᠳ ᠪᠠᠶᠢᠭ᠎ᠠ ᠠᠭᠤᠷᠬᠠᠢ ᠮᠠᠯᠲᠠᠬᠤ ᠡᠷᠬᠡ ᠯᠦᠭᠡ ᠡᠮᠬᠢᠯᠡᠨ ᠨᠡᠶᠢᠯᠡᠭᠦᠯᠬᠦ ᠭᠠᠷᠳᠠᠮ | ᠭᠦᠢᠴᠡᠳᠬᠡᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ | ᠳᠥᠷᠪᠡ᠂ ᠦᠨᠳᠦᠰᠦᠨ ᠨᠤᠲᠤᠭ ᠪᠡᠯᠴᠢᠭᠡᠷ ᠢ ᠡᠵᠡᠯᠡᠨ ᠬᠡᠷᠡᠭᠯᠡᠬᠦ ᠯᠦᠭᠡ ᠬᠤᠯᠪᠣᠭᠳᠠᠭᠰᠠᠨ ᠤᠯᠤᠰ ᠤᠨ | ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠭᠤᠷᠬᠠᠢ ᠶᠢᠨ ᠲᠥᠷᠥᠯ ᠵᠦᠢᠯ ᠳᠤ᠂ ᠵᠡᠭᠦᠨ ᠪᠠᠷᠠᠭᠤᠨ ᠬᠡᠰᠡᠭ ᠤᠨ ᠭᠠᠵᠠᠷ | ᠣᠷᠣᠨ ᠢᠶᠠᠷ ᠳᠠᠬᠢᠵᠤ ᠢᠯᠭᠠᠬᠤ ᠦᠭᠡᠢ᠂ ᠲᠥᠷᠥ ᠲᠠᠷᠬᠠᠭᠠᠭᠰᠠᠨ ﹇2023﹈ 16 ᠳ᠋ᠤᠭᠠᠷ ᠲᠣᠭᠠᠲᠤ ᠪᠢᠴᠢᠭ | ᠮᠠᠲ᠋ᠧᠷᠢᠶᠠᠯ ᠳᠠᠬᠢ ︽ᠦᠨᠳᠦᠰᠦᠨ ᠨᠤᠲᠤᠭ ᠪᠡᠯᠴᠢᠭᠡᠷ ᠲᠤ ᠬᠠᠤᠯᠢ ᠲᠣᠭᠲᠠᠭᠠᠯ ᠶᠣᠰᠣᠭᠠᠷ ᠵᠥᠪᠰᠢᠶᠡᠷᠡᠭᠦᠯᠦᠭᠰᠡᠨ | ᠤᠯᠤᠰ ᠤᠨ ᠴᠢᠬᠤᠯᠠ ᠶᠡᠭᠡ ᠠᠭᠤᠷᠬᠠᠢ ᠶᠢᠨ ᠡᠬᠢ ᠪᠠᠶᠠᠯᠢᠭ ᠬᠠᠶᠢᠨ ᠰᠢᠨᠵᠢᠯᠡᠵᠦ ᠨᠡᠭᠡᠭᠡᠨ ᠠᠰᠢᠭᠯᠠᠬᠤ ᠲᠥᠷᠥᠯ | ᠵᠦᠢᠯ ᠢ ᠰᠢᠨ᠎ᠡ ᠪᠠᠷ ᠲᠣᠬᠢᠷᠠᠭᠤᠯᠬᠤ ᠶᠢ ᠨᠢ ᠵᠥᠪᠰᠢᠶᠡᠷᠡᠨ᠎ᠡ︾᠂ ᠪᠠᠶᠢᠭᠠᠯᠢ ᠡᠬᠢ ᠵᠠᠬᠢᠳᠠᠯ ﹇2024﹈ 224 ᠳ᠋ᠦ᠋ᠭᠡᠷ | ᠲᠣᠭᠠᠲᠤ ᠪᠢᠴᠢᠭ ᠮᠠᠲ᠋ᠧᠷᠢᠶᠠᠯ ᠳᠠᠬᠢ ︽ᠦᠨᠳᠦᠰᠦᠨ ᠨᠤᠲᠤᠭ ᠪᠡᠯᠴᠢᠭᠡᠷ ᠲᠤ ᠬᠠᠤᠯᠢ ᠲᠣᠭᠲᠠᠭᠠᠯ ᠶᠣᠰᠣᠭᠠᠷ | ᠵᠥᠪᠰᠢᠶᠡᠷᠡᠭᠦᠯᠦᠭᠰᠡᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠭᠤᠷᠬᠠᠢ ᠬᠠᠶᠢᠨ ᠰᠢᠨᠵᠢᠯᠡᠵᠦ ᠨᠡᠭᠡᠭᠡᠨ ᠠᠰᠢᠭᠯᠠᠬᠤ | ᠲᠥᠷᠥᠯ ᠵᠦᠢᠯ ᠢ ᠰᠢᠨ᠎ᠡ ᠪᠠᠷ ᠲᠣᠬᠢᠷᠠᠭᠤᠯᠬᠤ ᠶᠢ ᠨᠢ ᠵᠥᠪᠰᠢᠶᠡᠷᠡᠨ᠎ᠡ︾ ᠭᠡᠰᠡᠨ ᠲᠣᠭᠲᠠᠭᠠᠯ ᠶᠣᠰᠣᠭᠠᠷ᠂ ᠨᠤᠲᠤᠭ | ᠪᠡᠯᠴᠢᠭᠡᠷ ᠢ ᠲᠠᠲᠠᠪᠤᠷᠢᠯᠠᠨ ᠬᠡᠷᠡᠭᠯᠡᠬᠦ ᠡᠵᠡᠯᠡᠨ ᠬᠡᠷᠡᠭᠯᠡᠬᠦ ᠵᠡᠷᠭᠡ ᠭᠠᠷᠳᠠᠮ ᠭᠦᠢᠴᠡᠳᠬᠡᠬᠦ ᠶᠢ ᠬᠠᠤᠯᠢ ᠲᠣᠭᠲᠠᠭᠠᠯ | ᠶᠣᠰᠣᠭᠠᠷ ᠠᠬᠢᠭᠤᠯᠬᠤ ᠬᠡᠷᠡᠭᠲᠡᠢ᠃ | ᠲᠠᠪᠤ᠂ ︽ᠬᠠᠶᠢᠷ ᠴᠢᠯᠠᠭᠤ ᠨᠡᠭᠡᠭᠡᠨ ᠮᠠᠯᠲᠠᠬᠤ ᠬᠠᠮᠢᠶᠠᠷᠤᠯᠲᠠ ᠶᠢ ᠵᠢᠷᠤᠮᠵᠢᠭᠤᠯᠤᠨ ᠲᠡᠭᠦᠯᠳᠡᠷᠵᠢᠭᠦᠯᠬᠦ ᠲᠤᠬᠠᠢ | ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠮᠡᠳᠡᠭᠳᠡᠯ︾ ︵ᠪᠠᠶᠢᠭᠠᠯᠢ ᠡᠬᠢ ᠲᠠᠷᠬᠠᠭᠠᠭᠰᠠᠨ ﹇2023﹈ 57 | ᠳ᠋ᠤᠭᠠᠷ ᠲᠣᠭᠠᠲᠤ︶᠂ ︽ᠠᠭᠤᠷᠬᠠᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠵᠦᠢᠯᠡᠰ ᠤᠳ ᠤᠨ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠰᠠᠨᠠᠯ︾ ︵ᠪᠠᠶᠢᠭᠠᠯᠢ | ᠡᠬᠢ ᠲᠥᠯᠦᠪᠵᠢᠭᠦᠯᠭᠡ ﹇2023﹈ 6 ᠳ᠋ᠤᠭᠠᠷ ᠲᠣᠭᠠᠲᠤ︶ ᠳᠠᠬᠢ ᠬᠠᠶᠢᠷ ᠰᠢᠷᠣᠢ ᠶᠢᠨ ᠠᠭᠤᠷᠬᠠᠢ ᠮᠠᠯᠲᠠᠬᠤ ᠡᠷᠬᠡ | ᠲᠠᠢ ︽ᠴᠡᠪᠡᠷ ᠠᠭᠤᠷᠬᠠᠢ︾ ᠶᠢ ᠰᠢᠯᠵᠢᠭᠦᠯᠦᠨ ᠬᠤᠳᠠᠯᠳᠤᠬᠤ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ | ᠴᠢᠬᠤᠯᠠ ᠶᠡᠭᠡ ᠲᠥᠷᠥᠯ ᠵᠦᠢᠯ ᠵᠢᠴᠢ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠪᠠᠲᠤᠯᠠᠬᠤ ᠬᠠᠶᠢᠷ ᠰᠢᠷᠣᠢ ᠶᠢᠨ | ᠠᠭᠤᠷᠬᠠᠢ ᠨᠢ ᠦᠨᠳᠦᠰᠦᠨ ᠨᠤᠲᠤᠭ ᠪᠡᠯᠴᠢᠭᠡᠷ ᠢ ᠡᠵᠡᠯᠡᠨ ᠬᠡᠷᠡᠭᠯᠡᠭᠰᠡᠨ ᠦᠭᠡᠢ ᠪᠠᠶᠢᠪᠠᠯ᠂ ᠨᠤᠲᠤᠭ ᠪᠡᠯᠴᠢᠭᠡᠷ ᠢ | ᠲᠠᠲᠠᠪᠤᠷᠢᠯᠠᠨ ᠬᠡᠷᠡᠭᠯᠡᠬᠦ ᠡᠵᠡᠯᠡᠨ ᠬᠡᠷᠡᠭᠯᠡᠬᠦ ᠵᠡᠷᠭᠡ ᠭᠠᠷᠳᠠᠮ ᠭᠦᠢᠴᠡᠳᠬᠡᠬᠦ ᠶᠢ ᠨᠢ ᠤᠷᠢᠳ ᠢᠶᠠᠷ ᠠᠬᠢᠭᠤᠯᠵᠤ | ᠪᠣᠯᠣᠨ᠎ᠠ᠃ | ᠵᠢᠷᠭᠤᠭ᠎ᠠ᠂ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠬᠦ ᠡᠵᠡᠯᠡᠨ ᠬᠡᠷᠡᠭᠯᠡᠬᠦ ᠯᠦᠭᠡ ᠬᠤᠯᠪᠣᠭᠳᠠᠭᠰᠠᠨ ᠠᠴᠠ | ᠪᠡᠯᠡ ᠣᠷᠣᠭᠤᠯᠤᠯᠲᠠ ᠶᠢᠨ ᠮᠠᠷᠭᠤᠯᠳᠤᠭᠠᠨ ᠡᠭᠦᠰᠦᠭᠰᠡᠨ ᠪᠠᠶᠢᠪᠠᠯ᠂ ᠨᠢᠭᠡ ᠨᠢᠭᠡ ᠤᠴᠢᠷ ᠢᠶᠠᠷ ᠵᠥᠪᠯᠡᠬᠦ ᠠᠷᠭ᠎ᠠ | ᠮᠠᠶ᠋ᠢᠭ ᠢ ᠬᠡᠷᠡᠭᠯᠡᠨ᠂ ᠳᠡᠰ ᠳᠠᠷᠠᠭᠠᠯᠠᠯ ᠤᠨ ᠲᠣᠭᠲᠠᠭᠠᠯ ᠶᠣᠰᠣᠭᠠᠷ ᠬᠠᠮᠢᠶ᠎ᠠ ᠪᠦᠬᠦᠢ ᠭᠠᠷᠳᠠᠮ ᠭᠦᠢᠴᠡᠳᠬᠡᠬᠦ ᠶᠢ | ᠠᠬᠢᠭᠤᠯᠬᠤ ᠬᠡᠷᠡᠭᠲᠡᠢ᠃ | 2024 ᠣᠨ ᠤ 7 ᠳ᠋ᠤᠭᠠᠷ ᠰᠠᠷ᠎ᠠ ᠶᠢᠨ 3 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2024 ᠣᠨ ᠤ 7 ᠳ᠋ᠤᠭᠠᠷ ᠰᠠᠷ᠎ᠠ ᠶᠢᠨ 3 ᠤ ᠡᠳᠦᠷ ᠳᠠᠷᠤᠮᠠᠯᠯᠠᠨ ᠲᠠᠷᠬᠠᠭᠠᠪᠠ | | | | | |