ᠰᠧ ᠳ᠋ᠤᠤ ᠸᠠᠨ ᠽᠢ ᠪᠠᠯᠭᠠᠰᠤ᠄ ︽ᠨᠠᠮ ᠤᠨ ᠪᠠᠶᠢᠭᠤᠯᠤᠯᠲᠠ +︾  ᠪᠠᠷ  ᠬᠦᠴᠦᠨ ᠴᠢᠳᠠᠯ ᠣᠯᠭᠤᠵᠤ ᠨᠡᠶᠢᠭᠡᠮ ᠤᠨ ᠪᠠᠲᠤᠯᠠᠭ᠎ᠠ ᠶᠢᠨ ᠠᠵᠢᠯ ᠠᠷᠠᠳ ᠤᠨ ᠰᠡᠳᠬᠢᠯ ᠳᠤ  ᠬᠠᠳᠠᠩᠰᠢᠨ᠎ᠠ
ᠨᠡᠶᠢᠲᠡᠯᠡᠭᠰᠡᠨ ᠴᠠᠭ᠄
2024/11/28
    2024 ᠣᠨ ᠳᠤ᠂ ᠰᠧ ᠳ᠋ᠤᠤ ᠸᠠᠨ ᠽᠢ ᠪᠠᠯᠭᠠᠰᠤ ᠶᠢᠨ ᠬᠢᠨ ᠨᠡᠶᠢᠭᠡᠮ ᠤᠨ ᠪᠠᠲᠤᠯᠠᠪᠤᠷᠢ ᠶᠢᠨ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠨᠠᠮ ᠤᠨ ᠪᠠᠶᠢᠭᠤᠯᠤᠯᠲᠠ ᠪᠠᠷ ᠨᠡᠶᠢᠭᠡᠮ ᠤᠨ ᠪᠠᠲᠤᠯᠠᠪᠤᠷᠢ ᠶᠢᠨ ᠦᠢᠯᠡᠴᠢᠯᠡᠭᠡ ᠣᠯᠭᠤᠵᠤ ᠠᠷᠠᠳ ᠲᠤ ᠲᠦᠬᠦᠮ ᠦᠵᠡᠭᠦᠯᠵᠦ᠂ ᠤᠯᠠᠨ ᠲᠦᠮᠡᠨ ᠤ ᠪᠠᠴᠢᠮᠳᠠᠵᠤ  ᠬᠦᠴᠢᠷᠳᠡᠵᠦ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠳᠡᠭᠡᠷ᠎ᠡ ᠬᠦᠴᠦ ᠣᠷᠣᠭᠤᠯᠵᠤ᠂ ᠤᠨᠢᠨ ᠳᠡᠭᠡᠷ᠎ᠡ ᠨᠢ ᠬᠦᠴᠦᠯᠡᠵᠦ᠂ ᠨᠡᠶᠢᠭᠡᠮ ᠤᠨ ᠪᠠᠲᠤᠯᠠᠪᠤᠷᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠳᠡᠭᠲᠡᠷ ᠲᠤ ᠭᠠᠷᠬᠤ ᠶᠢ ᠪᠦᠬᠦ ᠲᠠᠯ᠎ᠠ ᠪᠠᠷ  ᠠᠬᠢᠭᠤᠯᠤᠨ᠎ᠠ᠃    ︽ᠨᠠᠮ ᠤᠨ ᠪᠠᠢᠭᠤᠯᠤᠯᠲᠠ +︾  ᠪᠠᠷ ᠬᠦᠴᠦᠨ ᠴᠢᠳᠠᠯ ᠣᠯᠭᠤᠵᠤ ᠲᠤᠬᠠᠢᠯᠠᠭᠰᠠᠨ ᠠᠵᠢᠯ ᠤᠨ ᠦᠷ᠎ᠡ ᠪᠦᠲᠦᠮᠵᠢ ᠶᠢ  ᠳᠡᠭᠡᠭᠰᠢᠯᠡᠭᠦᠯᠵᠦ᠂ ᠠᠷᠠᠳ ᠲᠦᠮᠡᠨ ᠳᠤ ᠦᠢᠯᠡᠴᠢᠯᠡᠵᠦ ᠰᠡᠳᠭᠢᠯ ᠢ  ᠳᠤᠯᠠᠭᠠᠴᠠᠭᠤᠯᠤᠨ᠎ᠠ᠃ ᠪᠠᠯᠭᠠᠰᠤᠨ ᠤ ᠨᠠᠮ ᠤᠨ ᠬᠤᠷᠢᠶ᠎ᠠ ᠤᠯᠤᠰ ᠲᠥᠷᠥ ᠶᠢᠨ ᠣᠨᠣᠯ ᠤᠨ ᠰᠤᠷᠤᠯᠴᠠᠯᠭ᠎ᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠣᠨᠣᠯ ᠤᠨ ᠭᠤᠤᠯ ᠳᠤᠭᠤᠶᠢᠯᠠᠩ ᠶᠡᠷᠦᠩᠬᠡᠶ ᠱᠦᠵᠢ ᠰᠢ ᠶᠢᠨ ᠫᠢᠩ ᠤᠨ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠲᠤᠬᠠᠶ ᠰᠢᠷᠢᠰ ᠴᠢᠬᠤᠯᠠ ᠥᠭᠦᠯᠡᠯᠲᠡ ᠶᠢ ᠵᠣᠬᠢᠶᠠᠨ ᠪᠠᠶᠢᠭᠤᠯᠵᠤ᠂ ᠰᠤᠷᠤᠯᠴᠠᠬᠤ ᠠᠭᠤᠯᠭ᠎ᠠ ᠲᠠᠢ ᠬᠠᠷᠭᠤᠭᠤᠯᠵᠤ᠂ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠣᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ ᠲᠥᠪᠯᠡᠷᠡᠭᠦᠯᠦᠨ ᠶᠠᠷᠢᠯᠴᠠᠨ ᠰᠢᠢᠳᠪᠦᠷᠢᠯᠡᠵᠦ᠂ ᠡᠭᠦᠨ ᠤ ᠤᠯᠠᠮ ᠠᠴᠠ ᠨᠠᠮ ᠤᠨ ᠭᠡᠰᠢᠭᠦᠨ ᠺᠠᠳ᠋ᠷᠴᠤᠳ ᠤᠨ ᠤᠯᠤᠰ ᠲᠥᠷᠥ ᠶᠢᠨ ᠬᠡᠪ ᠪᠣᠯᠪᠠᠰᠤᠷᠠᠯ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠬᠦ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷ ᠲᠦᠷᠦᠭᠦᠯᠡᠨ ᠦᠯᠢᠭᠡᠷ ᠳᠠᠭᠤᠷᠢᠶᠠᠯ ᠦᠵᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠤᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ ᠳᠤ ᠬᠦᠴᠢᠷᠲᠡᠢ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠢᠳᠡᠪᠬᠢᠲᠡᠢ ᠪᠠᠷ ᠵᠣᠬᠢᠴᠠᠭᠤᠯᠤᠨ ᠨᠡᠪᠲᠡᠷᠡᠯᠴᠡᠵᠦ ᠰᠢᠢᠳᠪᠦᠷᠢᠯᠡᠨ ᠂ ᠨᠡᠶᠢᠭᠡᠮ ᠤᠨ ᠳᠠᠭᠠᠳᠬᠠᠯ ᠤᠨ ᠦᠢᠯᠡᠴᠢᠯᠡᠭᠡᠨ ᠤ ᠶᠠᠰᠤ ᠴᠢᠨᠠᠷ ᠪᠣᠯᠣᠨ ᠠᠵᠢᠯ ᠤᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃    ︽ᠨᠠᠮ ᠤᠨ ᠪᠠᠢᠭᠤᠯᠤᠯᠲᠠ+︾ ᠪᠠᠷ ᠬᠦᠴᠦᠨ ᠴᠢᠳᠠᠯ ᠣᠯᠭᠤᠵᠤ ᠲᠥᠷᠥ ᠶᠢᠨ ᠪᠣᠳᠣᠯᠭ᠎ᠠ ᠶᠢ  ᠤᠬᠠᠭᠤᠯᠵᠤ ᠂  ᠲᠣᠰᠬᠤᠨ ᠡᠷᠦᠬᠡ ᠳᠤ ᠬᠦᠷᠴᠦ  ᠮᠡᠳᠡᠷᠡᠮᠵᠢ  ᠬᠡᠮᠵᠢᠶ᠎ᠡ ᠶᠢ ᠳᠡᠭᠡᠭᠰᠢᠯᠡᠭᠦᠯᠦᠨ᠎ᠡ᠃ ᠪᠦᠬᠦ ᠪᠠᠯᠭᠠᠰᠤᠨ ᠤ ᠨᠠᠮ ᠤᠨ ᠬᠡᠰᠢᠭᠦᠨ ᠬᠤᠰᠢᠭᠤᠴᠢ ᠵᠢᠱᠢᠶᠡᠴᠢ ᠦᠢᠯᠡᠳᠦᠯ ᠢᠶᠠᠨ ᠭᠦᠢᠴᠡᠳ ᠪᠠᠳᠠᠷᠠᠭᠤᠯᠵᠤ ᠣᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠤᠬᠠᠭᠤᠯᠭ᠎ᠠ ᠶᠢ ᠠᠳᠬᠤᠨ᠎ᠠ᠃ ᠵᠡᠭᠡᠯᠢ ᠭᠤᠳᠤᠮᠵᠢ ᠶᠢᠨ ᠴᠤᠭᠯᠠᠭ᠎ᠠ ᠮᠠᠶᠢᠮᠠᠶ ᠶᠢ ᠠᠰᠢᠭᠯᠠᠨ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠮᠠᠲ᠋ᠧᠷᠢᠶᠠᠯ ᠢ 200 ᠭᠠᠷᠤᠶ ᠬᠤᠪᠢ ᠲᠠᠷᠬᠠᠭᠠᠵᠤ᠂ ᠲᠥᠷᠥ ᠶᠢᠨ ᠪᠣᠳᠣᠯᠭ᠎ᠠ ᠶᠢᠨ ᠭᠤᠤᠯᠳᠠᠯᠭ᠎ᠠ ᠶᠢ ᠲᠤᠬᠠᠶ ᠶᠢᠨ ᠭᠠᠵᠠᠷ ᠲᠤᠨᠢ ᠲᠠᠶᠢᠯᠪᠤᠷᠢᠯᠠᠵᠤ᠂ ᠥᠷᠭᠡᠨ ᠣᠯᠠᠨ ᠺᠠᠳ᠋ᠷ ᠣᠯᠠᠨ ᠲᠦᠮᠡᠨ ᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ᠨᠡᠶᠢᠭᠡᠮ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠠᠩᠬᠠᠷᠤᠭᠤᠯᠬᠤ ᠶᠢᠨ ᠬᠠᠮᠲᠤ ᠡᠵᠡᠮᠰᠢᠭᠦᠯᠵᠦ᠂ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠪᠡ᠃ ᠡᠭᠦᠨ ᠤ ᠬᠠᠮᠲᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠲᠠᠢ ᠤᠶᠠᠯᠳᠤᠭᠤᠯᠤᠨ᠂ ᠲᠣᠰᠬᠤᠨ ᠢ ᠳᠠᠭᠠᠭᠠᠴᠢᠯᠠᠭᠰᠠᠨ ᠤᠳᠤᠷᠢᠳᠤᠯᠭ᠎ᠠ᠂ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ᠂ ᠲᠣᠰᠬᠤᠨ ᠤ ︽ᠬᠤᠶᠠᠷ ᠵᠥᠪᠯᠡᠯ︾᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢ ᠵᠣᠬᠢᠶᠠᠨ ᠪᠠᠶᠢᠭᠤᠯᠤᠨ ᠡᠷᠦᠬᠡ ᠳᠤ ᠬᠦᠷᠴᠦ ᠤᠬᠠᠭᠤᠯᠤᠨ ᠲᠠᠶᠢᠯᠪᠤᠷᠢᠯᠠᠵᠤ᠂ ᠣᠯᠠᠨ ᠲᠦᠮᠡᠨ ᠤ ᠮᠠᠳᠠᠭ ᠲᠠᠢ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠴᠦ᠂ ᠲᠥᠷᠥ ᠶᠢᠨ ᠪᠣᠳᠣᠯᠭ᠎ᠠ ᠶᠢᠨ ᠬᠠᠯᠠᠮᠵᠢᠯᠠᠯ ᠢ ᠣᠯᠠᠨ ᠲᠦᠮᠡᠨ ᠤ ᠬᠡᠷ ᠲᠤ ᠬᠦᠷᠭᠡᠪᠡ᠃    ︽ᠨᠠᠮ ᠤᠨ ᠪᠠᠢᠭᠤᠯᠤᠯᠲᠠ +︾ ᠪᠠᠷ ᠬᠦᠴᠦᠨ ᠴᠢᠳᠠᠯ ᠣᠯᠭᠤᠵᠤ ᠰᠤᠷᠠᠭ ᠵᠠᠩᠭᠢᠴᠢᠯᠠᠯᠲᠠ ᠶᠢ ᠪᠦᠲᠦᠭᠡᠨ  ᠪᠠᠶᠢᠭᠤᠯᠵᠤ ᠂ ᠳᠥᠭᠦᠮ ᠲᠦᠳᠡ ᠦᠢᠯᠡᠴᠢᠯᠡᠭᠡ  ᠶᠢ ᠬᠠᠩᠭᠠᠨ᠎ᠠ᠃ ᠰᠧ ᠳ᠋ᠤᠤ ᠸᠠᠨ ᠽᠢ ᠪᠠᠯᠭᠠᠰᠤ ᠶᠢᠨ ᠬᠢᠨ ᠨᠡᠶᠢᠭᠡᠮ ᠤᠨ ᠪᠠᠲᠤᠯᠠᠭ᠎ᠠ ᠶᠢᠨ ᠮᠡᠳᠡᠭᠡ ᠵᠠᠩᠭᠢᠵᠢᠯᠲᠠ ᠶᠢᠨ ᠲᠠᠪᠴᠠᠩ ᠤᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠡᠯ᠎ᠡ ᠲᠦᠷᠦᠯ ᠤᠨ ᠨᠡᠶᠢᠭᠡᠮ ᠤᠨ ᠪᠠᠲᠤᠯᠠᠭ᠎ᠠ ᠶᠢᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ  ᠨᠢᠭᠡᠳᠬᠡᠵᠦ᠂ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠪᠠ ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠪᠡ᠃ ᠨᠠᠮ ᠤᠨ ᠭᠡᠰᠢᠭᠦᠨ ᠺᠠᠳ᠋ᠷ ᠲᠦᠷᠦᠭᠦᠯᠡᠨ ᠰᠤᠷᠤᠯᠴᠠᠬᠤ ᠶᠢᠨ ᠬᠠᠮᠲᠤ ᠮᠡᠳᠡᠭᠡ ᠵᠠᠩᠭᠢᠵᠢᠯᠲᠠ ᠶᠢᠨ ᠠᠵᠢᠯᠯᠠᠭᠠᠨ ᠤ ᠶᠠᠪᠤᠴᠠ ᠶᠢ ᠪᠣᠯᠪᠠᠰᠤᠷᠠᠩᠭᠤᠶ ᠡᠵᠡᠮᠰᠢᠵᠦ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠨᠡᠶᠢᠭᠡᠮ ᠤᠨ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠢ ᠰᠦᠯᠵᠢᠶᠡᠨ ᠳᠡᠭᠡᠷ᠎ᠡ ᠭᠦᠢᠴᠡᠳᠬᠡᠭᠦᠯᠵᠦ᠂ ᠵᠢᠱᠢᠶᠡᠯᠡᠪᠡᠯ ᠨᠡᠶᠢᠭᠡᠮ ᠤᠨ ᠳᠠᠭᠠᠳᠬᠠᠯ ᠢ ᠪᠠᠶᠢᠴᠠᠭᠠᠨ ᠯᠠᠪᠯᠠᠬᠤ᠂ ᠰᠦᠢᠳᠬᠡᠯ ᠲᠤᠰᠢᠶᠠᠬᠤ᠂ ᠣᠯᠭᠤᠮᠵᠢ ᠭᠤᠶᠤᠴᠢᠯᠠᠨ ᠠᠪᠬᠤ ᠵᠡᠷᠭᠡ᠃ ᠣᠯᠠᠨ ᠲᠦᠮᠡᠨ ᠳᠤ ᠬᠡᠷ ᠠᠴᠠ ᠪᠠᠨ ᠭᠠᠷᠬᠤ ᠥᠬᠡᠶ ᠪᠠᠷ ᠳᠥᠭᠦᠮ ᠳᠥᠲᠡ ᠦᠢᠯᠡᠴᠢᠯᠡᠭᠡ ᠬᠠᠩᠭᠠᠵᠤ ᠪᠣᠯᠤᠨ᠎ᠠ᠃ ᠡᠭᠦᠨ ᠤ ᠬᠠᠮᠲᠤ᠂ ᠨᠠᠰᠤᠲᠠᠶᠢᠴᠤᠳ ᠤᠨ ᠬᠠᠮᠲᠤᠯᠢᠭ ᠪᠤᠶᠤ ᠰᠦᠯᠵᠢᠶᠡᠨ ᠳᠡᠭᠡᠷ᠎ᠡ ᠠᠵᠢᠯᠯᠠᠬᠤ ᠶᠢ  ᠴᠢᠳᠠᠬᠤ ᠦᠭᠡᠢ ᠤᠯᠠᠨ ᠲᠦᠮᠡᠨ ᠳᠤ ᠴᠢᠭᠯᠡᠭᠦᠯᠦᠨ᠂ ᠨᠠᠮ ᠤᠨ ᠭᠡᠰᠢᠭᠦᠨ ᠰᠠᠶᠢᠨ ᠳᠤᠷ᠎ᠠ ᠶᠢᠨ ᠦᠢᠯᠡᠴᠢᠯᠡᠭᠴᠢ ᠠᠴᠠ ᠨᠢᠭᠡ ᠨᠢᠭᠡ ᠪᠠᠷ ᠵᠢᠯᠣᠭᠤᠳᠬᠤ ᠪᠠ ᠬᠠᠪᠰᠤᠷᠤᠨ ᠭᠦᠢᠴᠡᠳᠬᠡᠬᠦ ᠦᠢᠯᠡᠴᠢᠯᠡᠭᠡ ᠬᠠᠩᠭᠠᠵᠤ᠂ ᠮᠡᠳᠡᠭᠡ ᠵᠠᠩᠭᠢᠵᠢᠯᠲᠠ ᠶᠢᠨ ᠦᠢᠯᠡᠴᠢᠯᠡᠭᠡ ᠶᠢ ᠤᠯᠠᠨ ᠲᠦᠮᠡᠨ ᠨᠢᠭᠡᠪᠦᠷᠢ ᠳᠤ ᠪᠦᠷᠬᠦᠭᠦᠯᠬᠦ ᠶᠢ ᠪᠠᠲᠤᠯᠠᠵᠤ᠂ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠳᠥᠭᠦᠮ ᠳᠥᠲᠡ ᠴᠢᠨᠠᠷ ᠪᠠ ᠥᠨᠳᠥᠷ ᠪᠦᠲᠦᠮᠵᠢᠲᠦ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢᠶᠠᠷ ᠨᠡᠶᠢᠭᠡᠮ ᠤᠨ ᠪᠠᠲᠤᠯᠠᠭ᠎ᠠ ᠶᠢᠨ ᠠᠵᠢᠯ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号