| ᠢᠲᠡᠭᠡᠮᠵᠢ ᠶᠢᠨ ᠬᠡᠷᠡᠭᠯᠡᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠢᠲᠡᠭᠡᠮᠵᠢ ᠲᠠᠢ ᠬᠥᠮᠦᠰ ᠲᠤ ︽ | ᠢᠲᠡᠭᠡᠮᠵᠢ ᠶᠢᠨ ᠠᠰᠢᠭ ᠲᠤᠰᠠ︾ ᠶᠢ ᠡᠳ᠋ᠯᠡᠭᠦᠯᠬᠦ ᠶᠢᠨ ᠲᠥᠯᠥᠭᠡ᠂ ᠢᠲᠡᠭᠡᠮᠵᠢ ᠶᠢᠨ ᠮᠡᠳᠡᠭᠡ ᠵᠠᠩᠭᠢ ᠶᠢ | ᠴᠤᠭᠯᠠᠭᠤᠯᠬᠤ ᠶᠢ ᠦᠷᠭᠦᠯᠵᠢᠯᠡᠨ ᠴᠢᠩᠭᠠᠳᠬᠠᠵᠤ᠂ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠬᠡᠷᠡᠭᠯᠡᠭᠡᠨ ᠤ | ᠪᠠᠶᠢᠳᠠᠯ ᠢ ᠥᠷᠭᠡᠳᠬᠡᠨ᠎ᠡ᠃ ᠡᠨᠡ ᠵᠢᠯ ᠠᠴᠠ ᠨᠠᠰᠢ᠂ ᠠᠤᠬᠠᠨ ᠬᠤᠰᠢᠭᠤᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠰᠠᠯᠠᠭ᠎ᠠ ᠮᠥᠴᠢᠷ ᠨᠢ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠨ ᠬᠠᠮᠲᠤ ᠪᠠᠷ | ᠡᠳ᠋ᠯᠡᠬᠦ ᠠᠵᠢᠯ ᠤᠨ ᠱᠠᠭᠠᠷᠳᠠᠯᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ | ᠬᠠᠷᠢᠭᠤᠴᠠᠯᠭ᠎ᠠ ᠪᠠᠨ ᠢᠳᠡᠪᠬᠢᠲᠡᠶ ᠭᠦᠢᠴᠡᠳᠬᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠢᠲᠡᠭᠡᠮᠵᠢ ᠶᠢᠨ | ᠮᠡᠳᠡᠭᠡ ᠵᠠᠩᠭᠢ ᠶᠢ ᠴᠤᠭᠯᠠᠭᠤᠯᠬᠤ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠵᠦ᠂ ᠣᠯᠠᠨ ᠨᠡᠶᠢᠲᠡ ᠶᠢᠨ | ᠢᠲᠡᠭᠡᠮᠵᠢ ᠶᠢᠨ ᠮᠡᠳᠡᠭᠡ ᠵᠠᠩᠭᠢ ᠶᠢ ᠵᠢᠷᠤᠮᠵᠢᠭᠤᠯᠬᠤ᠂ ᠪᠠᠷᠢᠮᠵᠢᠶᠠᠵᠢᠭᠤᠯᠬᠤ᠂ ᠰᠢᠰᠲ᠋ᠧᠮᠵᠢᠭᠦᠯᠬᠦ ᠶᠢ ᠠᠬᠢᠭᠤᠯᠪᠠ᠃ | ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠢᠲᠡᠭᠡᠮᠵᠢ ᠶᠢᠨ ᠮᠡᠳᠡᠭᠡ ᠵᠠᠩᠭᠢ ᠶᠢ ᠰᠢᠨᠡᠳᠬᠡᠬᠦ | ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠨ ᠭᠤᠤᠯ | ᠤᠳᠤᠷᠢᠳᠤᠯᠭ᠎ᠠ ᠪᠡᠶ᠎ᠡ ᠪᠠᠷ ᠢᠶᠠᠨ ᠳᠠᠭᠠᠭᠤᠯᠵᠤ᠂ 35 ᠬᠤᠰᠢᠭᠤᠨ ᠤ ᠰᠢᠭᠤᠳ ᠬᠠᠷᠢᠶ᠎ᠠ ᠨᠢᠭᠡᠴᠡ ᠶᠢ ᠵᠣᠬᠢᠴᠠᠭᠤᠯᠵᠤ | ᠪᠠᠶᠢᠭᠠᠳ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠨ ᠨᠡᠶᠢᠯᠡᠭᠦᠯᠬᠦ ᠲᠦᠷᠢᠮ ᠢ ᠨᠠᠶᠢᠳᠠᠪᠤᠷᠢᠵᠢᠭᠤᠯᠪᠠ᠃ | ᠡᠯ᠎ᠡ ᠨᠢᠭᠡᠴᠡ ᠶᠢᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠲᠠᠢ ᠤᠶᠠᠯᠳᠤᠭᠤᠯᠤᠨ᠂ ᠡᠯ᠎ᠡ ᠰᠠᠯᠠᠭ᠎ᠠ | ᠮᠥᠴᠢᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠵᠦᠢᠯᠡᠰ ᠢ ᠡᠮᠬᠢᠯᠡᠵᠦ᠂ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠢ ᠨᠠᠷᠢᠯᠢᠬᠵᠢᠭᠤᠯᠵᠤ᠂ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠴᠠᠭ ᠬᠤᠭᠤᠴᠠᠭ᠎ᠠ᠂ | ᠮᠡᠳᠡᠭᠡ ᠵᠠᠩᠭᠢ ᠶᠢᠨ ᠭᠤᠤᠯ ᠴᠣᠭᠴᠠ ᠶᠢᠨ ᠲᠥᠷᠥᠯ ᠢᠯᠭᠠᠯ ᠵᠡᠷᠭᠡ ᠶᠢ ᠲᠣᠳᠣᠷᠬᠠᠶᠢᠯᠠᠵᠤ᠂ ᠴᠤᠭᠯᠠᠭᠤᠯᠤᠭᠰᠠᠨ | ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠣᠨᠣᠪᠴᠢᠲᠠᠶ᠂ ᠪᠦᠷᠢᠨ ᠪᠦᠲᠦᠨ ᠪᠠᠶᠢᠬᠤ ᠶᠢ ᠦᠨᠡᠨᠬᠦ | ᠪᠠᠲᠤᠯᠠᠵᠤ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠲᠤᠭ᠎ᠠ ᠪᠠᠷᠢᠮᠲᠠ ᠶᠢᠨ | ᠰᠠᠭᠤᠷᠢ ᠶᠢ ᠪᠠᠬᠢᠵᠢᠭᠦᠯᠦᠨ᠎ᠡ᠃ | ᠢᠲᠡᠭᠡᠮᠵᠢ ᠶᠢᠨ ᠲᠠᠪᠴᠠᠩ ᠤᠨ ᠬᠡᠷᠡᠭᠯᠡᠯᠲᠡ ᠶᠢ ᠴᠢᠩᠭᠠᠳᠬᠠᠵᠤ᠂ ᠢᠲᠡᠭᠡᠮᠵᠢ ᠶᠢᠨ ᠮᠡᠳᠡᠭᠡ ᠵᠠᠩᠭᠢ ᠶᠢ | ᠴᠤᠭᠯᠠᠭᠤᠯᠤᠨ ᠨᠡᠶᠢᠯᠡᠭᠦᠯᠬᠦ ᠠᠵᠢᠯ ᠢ ᠠᠬᠢᠭᠤᠯᠤᠨ᠎ᠠ᠃ ︽ᠤᠯᠠᠭᠠᠨᠬᠠᠳᠠ ᠬᠤᠲᠠ ᠶᠢᠨ ᠨᠡᠶᠢᠭᠡᠮ ᠤᠨ ᠢᠲᠡᠭᠡᠮᠵᠢ ᠶᠢᠨ | ᠮᠡᠳᠡᠭᠡ ᠵᠠᠩᠭᠢ ᠶᠢᠨ ᠲᠠᠪᠴᠠᠩ︾ ᠤᠨ ᠬᠡᠷᠡᠭᠯᠡᠯᠲᠡ ᠶᠢ ᠢᠳᠡᠪᠬᠢᠲᠡᠶ ᠪᠠᠷ ᠳᠡᠯᠭᠡᠷᠡᠭᠦᠯᠵᠦ᠂ ᠬᠠᠮᠲᠤᠪᠠᠷ ᠡᠳ᠋ᠯᠡᠬᠦ | ᠲᠠᠪᠴᠠᠩ ᠤᠨ ᠴᠢᠳᠠᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠲᠤᠭ᠎ᠠ ᠪᠠᠷᠢᠮᠲᠠ ᠶᠢ ᠰᠢᠯᠭᠠᠨ ᠪᠠᠶᠢᠴᠠᠭᠠᠬᠤ | ᠪᠠᠷᠢᠮᠵᠢᠶ᠎ᠠ ᠶᠢ ᠵᠢᠷᠤᠮᠵᠢᠭᠤᠯᠵᠤ᠂ ᠴᠠᠭ ᠲᠣᠬᠠᠢ ᠳᠤᠨᠢ ᠬᠦᠷᠭᠡᠭᠰᠡᠨ ᠦᠭᠡᠢ ᠮᠡᠳᠡᠭᠦᠯᠦᠨ ᠬᠦᠷᠭᠡᠭᠰᠡᠨ ᠨᠢ | ᠵᠢᠷᠤᠮᠵᠢᠯ ᠥᠬᠡᠶ ᠨᠢᠭᠡᠴᠡ ᠳᠤ ᠠᠵᠢᠯ ᠤᠨ ᠰᠠᠨᠠᠭᠤᠯᠤᠮᠵᠢ ᠬᠢᠬᠦ ᠬᠡᠷᠡᠭᠲᠡᠶ᠃ ᠣᠳᠣᠬᠠᠨ ᠳᠤ ᠪᠥᠬᠦ ᠬᠤᠰᠢᠭᠤᠨ ᠳᠤ | ᠡᠯ᠎ᠡ ᠲᠥᠷᠥᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠨᠡᠶᠢᠲᠡ 120196 ᠵᠤᠷᠪᠤᠰ ᠴᠤᠭᠯᠠᠭᠤᠯᠵᠤ᠂ ᠡᠭᠦᠨ ᠳᠤ | ︽ᠠᠷᠪᠠ ᠶᠢ ᠢᠯᠡ ᠨᠡᠶᠢᠲᠡᠯᠡᠬᠦ︾ ᠮᠡᠳᠡᠭᠡ ᠵᠠᠩᠭᠢ ᠶᠢ 58467 ᠵᠤᠷᠪᠤᠰ ᠴᠤᠭᠯᠠᠭᠤᠯᠵᠤ᠂ ᠠᠳᠠᠯᠢ | ᠬᠤᠭᠤᠴᠠᠭᠠᠨ ᠤ ᠬᠢ ᠠᠴᠠ 118% ᠨᠡᠮᠡᠭᠳᠡᠵᠦ᠂ ᠢᠲᠡᠭᠡᠮᠵᠢ ᠶᠢᠨ ᠠᠷᠠᠳ ᠲᠤ ᠲᠥᠬᠦᠮ ᠦᠵᠡᠭᠦᠯᠵᠦ ᠠᠵᠤ | ᠠᠬᠤᠶᠢᠯᠠᠯ ᠳᠤ ᠠᠰᠢᠭ ᠬᠦᠷᠲᠡᠭᠡᠬᠦ ᠬᠡᠷᠡᠭᠯᠡᠯᠲᠡ ᠪᠠ ᠡᠯ᠎ᠡ ᠠᠵᠢᠯ ᠲᠥᠷᠥᠯ ︵ᠬᠦᠷᠢᠶ᠎ᠡ︶ ᠤᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠳᠤ ᠬᠦᠴᠦᠲᠡᠶ | ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠪᠠ᠃ | ᠢᠲᠡᠭᠡᠮᠵᠢ ᠶᠢᠨ ᠬᠡᠷᠡᠭᠯᠡᠯᠲᠡ ᠶᠢ ᠥᠷᠭᠡᠳᠬᠡᠵᠦ᠂ ᠦᠨᠡᠨᠴᠢ ᠢᠲᠡᠭᠡᠮᠵᠢ ᠶᠢᠨ ᠬᠦᠷᠲᠡᠮᠵᠢ ᠶᠢᠨ ᠲᠦᠷᠦᠭᠳᠡᠯ ᠢ | ᠨᠡᠮᠡᠭᠳᠡᠭᠦᠯᠦᠨ᠎ᠡ᠃ ᠢᠲᠡᠭᠡᠮᠵᠢ ᠶᠢᠨ ᠮᠡᠳᠡᠭᠡ ᠵᠠᠩᠭᠢ ᠳᠤ ᠲᠦᠰᠢᠭᠯᠡᠨ ᠴᠤᠭᠯᠠᠭᠤᠯᠵᠤ᠂ ᠬᠤᠯᠪᠣᠭᠠᠯᠠᠨ ᠵᠠᠯᠬᠠᠭᠠᠨ | ᠴᠡᠭᠡᠷᠯᠡᠭᠦᠯᠬᠦ ᠠᠷᠭ᠎ᠠ ᠬᠡᠮᠵᠢᠶ᠎ᠡ ᠶᠢᠨ ᠨᠠᠷᠢᠨ ᠬᠠᠭᠤᠳᠠᠰᠤ ᠶᠢ ᠬᠠᠤᠯᠢ ᠲᠣᠭᠲᠠᠭᠠᠯ ᠶᠣᠰᠣᠭᠠᠷ ᠪᠠᠶᠢᠭᠤᠯᠵᠤ᠂ ᠬᠦᠨᠳᠦ | ᠨᠣᠴᠢᠲᠠᠶ ᠢᠲᠡᠭᠡᠯ ᠠᠯᠳᠠᠭᠰᠠᠨ ᠭᠤᠤᠯ ᠴᠣᠭᠴᠠ ᠳᠤ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ | ᠃ ᠡᠭᠦᠨ ᠤ ᠬᠠᠮᠲᠤ᠂ ︽ᠢᠲᠡᠭᠡᠮᠵᠢ +︾ ᠬᠡᠷᠡᠭᠯᠡᠯᠲᠡ ᠶᠢ ᠥᠷᠨᠢᠭᠦᠯᠵᠦ᠂ ᠢᠲᠡᠭᠡᠮᠵᠢ ᠲᠠᠢ ᠬᠥᠮᠦᠰ ᠲᠤ ᠭᠠᠶᠢᠯᠢ | ᠲᠤᠰᠢᠶᠠᠬᠤ᠂ ᠵᠢᠭᠤᠯᠴᠢᠯᠠᠯ᠂ ᠰᠤᠷᠭᠠᠨ ᠬᠥᠮᠦᠵᠢᠯ ᠵᠡᠷᠭᠡ ᠲᠠᠯ᠎ᠠ ᠪᠠᠷ ᠵᠣᠬᠢᠬᠤ ᠤᠷᠮᠠᠰᠢᠭᠤᠯᠬᠤ ᠠᠷᠭ᠎ᠠ ᠬᠡᠮᠵᠢᠶ᠎ᠡ | ᠣᠯᠭᠤᠵᠤ᠂ ᠢᠲᠡᠭᠡᠮᠵᠢ ᠶᠢᠨ ᠥᠷᠲᠡᠭ ᠢ ᠭᠦᠢᠴᠡᠳ ᠪᠠᠳᠠᠷᠠᠭᠤᠯᠤᠨ᠎ᠠ᠃ | |