| 2024 ᠣᠨ ᠠᠴᠠ ᠨᠠᠰᠢ᠂ ᠠᠤᠬᠠᠨ ᠬᠤᠰᠢᠭᠤ ᠬᠤᠲᠠ ᠶᠢᠨ ᠶᠠᠪᠤᠳᠠᠯ ᠤᠨ ᠵᠠᠮ᠂ ᠬᠠᠭᠤᠴᠢᠨ ᠵᠢᠵᠢᠭ | ᠲᠣᠭᠤᠷᠢᠭ ᠢ ᠥᠭᠡᠷᠡᠴᠢᠯᠡᠬᠦ᠂ ᠬᠠᠶᠢᠷ᠎ᠠ ᠬᠠᠯᠠᠮᠵᠢ ᠶᠢᠨ ᠢᠨᠵᠧᠨᠧᠷᠢᠩ ᠵᠡᠷᠭᠡ ᠣᠯᠠᠨ ᠲᠦᠮᠡᠨ ᠤ ᠠᠩᠬᠠᠷᠴᠤ ᠪᠠᠶᠢᠭ᠎ᠠ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠠᠵᠢᠯ ᠤᠨ ᠲᠣᠭᠤᠷᠢᠨ ᠳᠤ ᠠᠷᠠᠳ ᠤᠨ ᠠᠮᠢᠳᠤᠷᠠᠯ ᠤᠨ ᠠᠵᠠ | ᠵᠢᠷᠭᠠᠯ ᠢ ᠦᠷᠭᠦᠯᠵᠢᠯᠡᠨ ᠨᠡᠮᠡᠭᠳᠡᠭᠦᠯᠦᠨ᠎ᠡ᠃ | ᠨᠢᠭᠡ ᠳᠤ ᠂ ᠵᠠᠮ ᠢ ᠰᠡᠯᠪᠢᠨ ᠵᠠᠰᠠᠵᠤ᠂ ᠠᠷᠠᠳ ᠲᠤ ᠳᠥᠭᠦᠮ ᠦᠵᠡᠭᠦᠯᠦᠨ᠎ᠡ᠃ ᠪᠠᠷᠤᠭᠰᠢᠨ ᠵᠠᠮ ᠤᠨ | ᠭᠠᠳᠠᠷᠭᠤ ᠶᠢ 5.85 ᠲᠦᠮᠡᠨ ᠲᠡᠭᠰᠢ ᠳᠥᠷᠪᠡᠯᠵᠢᠨ ᠮᠧᠲᠷ ᠥᠭᠡᠷᠡᠴᠢᠯᠡᠨ ᠵᠠᠰᠠᠵᠤ᠂ ᠬᠤᠲᠠ ᠲᠣᠭᠤᠷᠢᠭ ᠤᠨ | ᠣᠲᠣ ᠶᠢᠨ ᠪᠠᠶᠢᠭ᠎ᠠ ᠵᠠᠮ ᠤᠨ ᠨᠢᠭᠤᠷ ᠡᠪᠳᠡᠷᠡᠵᠦ ᠰᠦᠢᠲᠦᠭᠰᠡᠨ᠂ ᠳᠣᠷᠣᠭᠰᠢ ᠬᠤᠲᠤᠶᠢᠭ᠍ᠰᠡᠨ᠂ ᠲᠡᠮᠳᠡᠭ | ᠵᠢᠷᠤᠭᠠᠰᠤ ᠨᠢ ᠪᠠᠯᠠᠷᠬᠠᠶ ᠪᠣᠯᠤᠭᠰᠠᠨ ᠵᠡᠷᠭᠡ ᠠᠰᠠᠭᠤᠳᠠᠯ ᠢ ᠰᠢᠢᠳᠪᠦᠷᠢᠯᠡᠵᠦ᠂ ᠵᠠᠮ ᠤᠨ ᠠᠮᠤᠷ ᠲᠦᠪᠰᠢᠨ ᠤ ᠳᠠᠯᠳᠠ | ᠬᠡᠮ ᠢ ᠦᠨᠡᠨᠬᠦ ᠠᠷᠢᠯᠭᠠᠨ᠎ᠠ᠃ ᠪᠠᠷᠤᠭᠰᠢᠨ ᠵᠠᠮ ᠤᠨ ᠭᠠᠳᠠᠷᠭᠤ 3.24 ᠲᠦᠮᠡᠨ ᠲᠡᠭᠰᠢ ᠳᠥᠷᠪᠡᠯᠵᠢᠨ ᠮᠧᠲᠷ | ᠰᠢᠨ᠎ᠡ ᠪᠠᠷ ᠪᠠᠶᠢᠭᠤᠯᠤᠨ᠂ ᠰᠢᠨ ᠾᠦᠢ ᠵᠠᠮ ᠤᠨ ᠪᠠᠷᠠᠭᠤᠨ ᠬᠡᠰᠡᠭ᠂ ᠰᠢᠨ ᠵᠦᠩ ᠵᠡᠭᠡᠯᠢ ᠶᠢᠨ ᠬᠤᠶᠢᠲᠤ ᠬᠡᠰᠡᠭ | ᠪᠣᠯᠤᠨ ᠸᠧᠨ ᠾᠦᠢ ᠵᠠᠮ ᠵᠡᠷᠭᠡ ᠵᠠᠮ ᠢ ᠲᠡᠷᠭᠡ ᠨᠡᠪᠲᠡᠷᠡᠭᠦᠯᠵᠦ᠂ ᠤᠯᠠᠨ ᠲᠦᠮᠡᠨ ᠤ ᠶᠠᠪᠤᠵᠤ ᠰᠠᠭᠤᠬᠤ | ᠨᠥᠬᠦᠴᠡᠯ ᠢ ᠢᠯᠡᠳᠲᠡ ᠰᠠᠶᠢᠵᠢᠷᠠᠭᠤᠯᠪᠠ᠃ | ᠬᠤᠶᠠᠷ ᠲᠤ᠂ ᠬᠠᠭᠤᠴᠢᠨ ᠢ ᠰᠢᠨᠡᠳᠬᠡᠵᠦ᠂ ᠰᠡᠳᠬᠢᠯ ᠰᠠᠨᠠᠭ᠎ᠠ ᠶᠢ ᠨᠢ ᠳᠤᠯᠠᠭᠠᠴᠠᠭᠤᠯᠤᠨ᠎ᠠ᠃ ᠬᠤᠲᠠ ᠶᠢ | ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠵᠦ᠂ ᠵᠢᠵᠢᠭ ᠲᠣᠭᠤᠷᠢᠭ ᠤᠨ ᠰᠠᠭᠤᠷᠢ ᠲᠦᠬᠦᠭᠡᠷᠦᠮᠵᠢ ᠶᠢᠨ ᠳᠤᠲᠠᠭᠤᠳᠠᠯ ᠢ | ᠨᠥᠬᠦᠪᠥᠷᠢᠯᠡᠵᠦ᠂ ᠵᠢᠵᠢᠭ ᠲᠣᠭᠤᠷᠢᠭ ᠤᠨ ᠣᠳᠣᠬᠢ ᠪᠠᠶᠢᠳᠠᠯ ᠵᠢᠴᠢ ᠰᠠᠭᠤᠭᠠᠯᠢ ᠠᠷᠠᠳ ᠤᠨ ᠬᠦᠰᠡᠯ ᠰᠠᠨᠠᠭ᠎ᠠ ᠲᠠᠢ | ᠤᠶᠠᠯᠳᠤᠭᠤᠯᠤᠨ᠂ ᠭᠠᠵᠠᠷ ᠳᠣᠤᠷᠠᠬᠢ ᠬᠤᠭᠤᠯᠠᠶ ᠶᠢᠨ ᠲᠣᠣᠷᠵᠢᠯ ᠢ ᠥᠭᠡᠷᠡᠴᠢᠯᠡᠬᠦ᠂ ᠭᠠᠵᠠᠷ ᠤᠨ ᠭᠠᠳᠠᠷᠭᠤ ᠶᠢ | ᠬᠠᠲᠠᠭᠤᠷᠠᠭᠤᠯᠬᠤ᠂ ᠭᠡᠷ ᠤᠨ ᠭᠠᠳᠠᠷᠭᠤ ᠶᠢᠨ ᠤᠰᠤ ᠰᠡᠷᠭᠡᠶᠢᠯᠡᠬᠦ᠂ ᠥᠩᠭᠡᠯᠡᠬᠦ ᠵᠡᠷᠭᠡ ᠶᠢ ᠲᠡᠭᠦᠯᠳᠡᠷᠵᠢᠭᠦᠯᠦᠨ᠎ᠡ᠃ | ᠬᠠᠭᠤᠴᠢᠨ ᠰᠠᠭᠤᠭᠠᠯᠢ ᠲᠣᠭᠤᠷᠢᠭ ᠤᠨ ᠢᠵᠢ ᠪᠦᠷᠢᠳᠦᠭᠦᠯᠬᠦ ᠰᠠᠭᠤᠷᠢ ᠲᠦᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢᠨ 29 ᠲᠥᠷᠥᠯ ᠵᠦᠢᠯ ᠢ ᠪᠡᠶᠡᠯᠡᠭᠦᠯᠵᠦ᠂ ᠪᠠᠷᠢᠯᠭ᠎ᠠ ᠶᠢᠨ ᠲᠠᠯᠠᠪᠠᠶ ᠨᠢ 10.15 ᠲᠦᠮᠡᠨ ᠲᠡᠭᠰᠢ | ᠳᠥᠷᠪᠡᠯᠵᠢᠨ ᠮᠧᠲᠷ︔ ᠬᠠᠭᠤᠴᠢᠨ ᠰᠠᠭᠤᠭᠠᠯᠢ ᠲᠣᠭᠤᠷᠢᠭ ᠤᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ | ᠢᠨᠵᠧᠨᠧᠷᠢᠩ ᠢ 17 ᠪᠡᠶᠡᠯᠡᠭᠦᠯᠵᠦ᠂ ᠪᠠᠷᠢᠯᠭ᠎ᠠ ᠶᠢᠨ ᠲᠠᠯᠠᠪᠠᠶ ᠨᠢ 6.4 ᠲᠦᠮᠡᠨ ᠲᠡᠭᠰᠢ ᠳᠥᠷᠪᠡᠯᠵᠢᠨ ᠮᠧᠲᠷ | ᠪᠣᠯᠤᠨ᠎ᠠ᠃ | ᠭᠤᠷᠪᠠ ᠳᠤ᠂ ᠬᠥᠮᠦᠰ ᠤᠨ ᠰᠡᠳᠬᠢᠯ ᠢ ᠳᠤᠯᠠᠭᠠᠴᠠᠭᠤᠯᠵᠤ᠂ ᠠᠷᠠᠳ ᠤᠨ ᠲᠥᠯᠥᠭᠡ ᠪᠣᠳᠠᠲᠠᠢ ᠶᠢ ᠡᠷᠬᠢᠮᠯᠡᠨ᠎ᠡ | ᠃ ᠢᠯᠴᠢ ᠬᠠᠩᠭᠠᠬᠤ ᠲᠦᠬᠦᠭᠡᠷᠦᠮᠵᠢ ᠵᠢᠴᠢ ᠬᠤᠭᠤᠯᠠᠶ ᠶᠢᠨ ᠲᠣᠣᠷᠵᠢᠯ ᠵᠡᠷᠭᠡ ᠳᠤ ᠪᠦᠬᠦᠨ ᠢ ᠬᠠᠮᠤᠷᠤᠭᠰᠠᠨ | ᠪᠠᠶᠢᠳᠠᠯ ᠢ ᠤᠶᠢᠯᠠᠭᠠᠨ ᠵᠢᠭᠰᠠᠭᠠᠵᠤ᠂ ᠢᠯᠴᠢ ᠶᠢᠨ ᠢᠷᠡᠯᠲᠡ᠂ ᠢᠯᠴᠢ ᠶᠢᠨ ᠲᠣᠣᠷᠵᠢᠯ᠂ ᠢᠯᠴᠢ ᠰᠣᠯᠢᠯᠴᠠᠬᠤ | ᠥᠷᠲᠡᠭᠡ᠂ ᠬᠡᠷᠡᠭᠯᠡᠭᠴᠢ ᠶᠢᠨ ᠦᠵᠦᠭᠦᠷ ᠵᠡᠷᠭᠡ ᠳᠤ ᠪᠥᠬᠦ ᠬᠡᠯᠬᠢᠶ᠎ᠡ ᠶᠢᠨ ᠵᠢᠭᠰᠠᠭᠠᠨ ᠪᠠᠶᠢᠴᠠᠭᠠᠯᠲᠠ ᠬᠢᠵᠦ᠂ ᠢᠯᠴᠢ | ᠬᠠᠩᠭᠠᠬᠤ ᠶᠠᠰᠤ ᠴᠢᠨᠠᠷ ᠨᠢ ᠥᠨᠳᠥᠷ ᠪᠢᠰᠢ ᠪᠠᠶᠢᠬᠤ ᠵᠠᠩᠭᠢᠯᠠᠭ᠎ᠠ ᠶᠢ ᠡᠷᠢᠪᠡ᠃ ᠢᠯᠴᠢ ᠰᠣᠯᠢᠯᠴᠠᠬᠤ ᠥᠷᠲᠡᠭᠡ | 23᠂ ᠢᠯᠴᠢ ᠬᠠᠩᠭᠠᠬᠤ ᠬᠤᠭᠤᠯᠠᠶ ᠶᠢᠨ ᠲᠣᠤᠷ 23.5 ᠺᠢᠯᠦᠮᠧᠲᠷ ᠢ ᠰᠡᠯᠪᠢᠨ ᠵᠠᠰᠠᠵᠤ᠂ ᠡᠪᠳᠡᠭᠳᠡᠭᠰᠡᠨ | ᠨᠡᠭᠡᠯᠡᠬᠡᠶ 70᠂ ᠡᠷᠭᠢᠯᠲᠡ ᠶᠢᠨ ᠬᠥᠭᠡᠷᠭᠡ 5᠂ ᠳᠠᠷᠤᠯᠲᠠ ᠶᠢᠨ ᠳᠤᠯᠠᠭᠠᠨ ᠤ ᠬᠡᠮᠵᠢᠭᠦᠷ 17 ᠶᠢ ᠰᠣᠯᠢᠵᠤ᠂ | ᠨᠢᠭᠡᠳᠦᠭᠡᠷ ᠳᠡᠰ ᠤᠨ ᠢᠯᠴᠢ ᠬᠠᠩᠭᠠᠬᠤ ᠬᠤᠭᠤᠯᠠᠶ ᠶᠢᠨ ᠲᠣᠤᠷ ᠤᠨ 1.71 ᠺᠢᠯᠦᠮᠧᠲᠷ᠂ ᠬᠤᠶᠠᠳᠤᠭᠠᠷ ᠳᠡᠰ ᠤᠨ | ᠢᠯᠴᠢ ᠬᠠᠩᠭᠠᠬᠤ ᠬᠤᠭᠤᠯᠠᠶ ᠶᠢᠨ ᠲᠣᠤᠷ ᠤᠨ 49.2 ᠺᠢᠯᠦᠮᠧᠲᠷ ᠢ ᠥᠭᠡᠷᠡᠴᠢᠯᠡᠪᠡ᠃ |