︽ᠠᠤᠬᠠᠨ ᠬᠤᠰᠢᠭᠤᠨ ᠤ ᠪᠥᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠠᠵᠢᠯᠯᠠᠭᠠᠨ ᠤ ᠲᠥᠯᠥᠪᠵᠢᠭᠦᠯᠭᠡ ᠶᠢᠨ ᠬᠥᠲᠥᠯᠪᠦᠷᠢ ᠶᠢᠨ ᠬᠡᠷᠡᠭᠵᠢᠭᠦᠯᠬᠦ ᠲᠥᠰᠦᠯ ︵2021—2025 ᠣᠨ︶︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/11/4
     ︽ᠠᠤᠬᠠᠨ ᠬᠤᠰᠢᠭᠤᠨ ᠤ ᠪᠥᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠠᠵᠢᠯᠯᠠᠭᠠᠨ ᠤ ᠲᠥᠯᠥᠪᠵᠢᠭᠦᠯᠭᠡ ᠶᠢᠨ ᠬᠥᠲᠥᠯᠪᠦᠷᠢ ᠶᠢᠨ ᠬᠡᠷᠡᠭᠵᠢᠭᠦᠯᠬᠦ ᠲᠥᠰᠦᠯ ︵2021 —2025 ᠣᠨ︶︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ     ᠤᠯᠠᠭᠠᠨᠬᠠᠳᠠ ᠬᠤᠲᠠ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠ ᠰᠢᠨᠵᠢᠯᠡᠬᠦ ᠤᠬᠠᠭᠠᠨ ᠤ ᠬᠡᠪ ᠴᠢᠨᠠᠷ ᠤᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ︽ᠤᠯᠠᠭᠠᠨᠬᠠᠳᠠ ᠬᠤᠲᠠ ᠶᠢᠨ ᠪᠥᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠠᠵᠢᠯᠯᠠᠭᠠᠨ ᠤ ᠲᠥᠯᠥᠪᠵᠢᠭᠦᠯᠭᠡ ᠶᠢᠨ ᠬᠥᠲᠥᠯᠪᠦᠷᠢ ᠶᠢᠨ ᠬᠡᠷᠡᠭᠵᠢᠭᠦᠯᠬᠦ ᠲᠥᠰᠦᠯ ︵2021—2025 ᠣᠨ︶ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠤᠯᠠᠭᠠᠨᠬᠠᠳᠠ ᠵᠠᠰᠠᠭ ᠲᠠᠷᠬᠠᠭᠠᠭᠰᠠᠨ ︹2020︺ 147 ᠳ᠋ᠤᠭᠠᠷ ᠲᠣᠭᠠᠲᠤ︶ ᠪᠠ ︽ᠠᠤᠬᠠᠨ ᠬᠤᠰᠢᠭᠤᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾ ᠶᠢᠨ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠪᠥᠬᠦ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃    ᠨᠢᠭᠡ᠂ ᠨᠠᠶᠢᠷᠠᠭᠤᠯᠤᠨ ᠵᠣᠬᠢᠶᠠᠭᠰᠠᠨ ᠠᠬᠤᠢ ᠪᠠᠶᠢᠳᠠᠯ    ︵ᠨᠢᠭᠡ︶ ᠵᠢᠯᠤᠭᠤᠳᠬᠤ ᠦᠵᠡᠯ ᠰᠠᠨᠠᠭ᠎ᠠ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠ ᠰᠢᠨᠵᠢᠯᠡᠬᠦ ᠤᠬᠠᠭᠠᠨ ᠤ ᠬᠡᠪ ᠴᠢᠨᠠᠷ ᠤᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠪᠠ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠬᠦ ᠪᠠᠷ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠪᠠᠷ ᠬᠠᠷᠠᠯᠲᠠ ᠪᠣᠯᠭᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠦᠢᠯᠡᠳᠦᠯᠭᠡᠵᠢᠭᠦᠯᠬᠦ᠂ ᠰᠢᠨᠵᠢᠯᠡᠬᠦ ᠤᠬᠠᠭᠠᠨᠴᠢ ᠵᠣᠷᠢᠭ ᠰᠠᠨᠠᠭ᠎ᠠ ᠶᠢ ᠪᠠᠳᠠᠷᠠᠭᠤᠯᠬᠤ ᠪᠠᠷ ᠭᠤᠣᠯ ᠰᠢᠵᠢᠮ ᠪᠣᠯᠭᠠᠵᠤ᠂ ᠨᠡᠶᠢᠭᠡᠮᠴᠢᠯᠡᠭᠰᠡᠨ ᠬᠠᠮᠵᠢᠯᠴᠠᠭ᠎ᠠ᠂ ᠤᠶᠤᠨᠴᠢᠯᠠᠭᠰᠠᠨ ᠳᠠᠮᠵᠢᠭᠤᠯᠤᠯᠲᠠ᠂ ᠵᠢᠷᠤᠮᠵᠢᠭᠰᠠᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠪᠠᠶᠢᠭᠤᠯᠤᠯᠲᠠ ᠶᠢᠨ ᠠᠮᠢ ᠠᠬᠤᠢ ᠶᠢ ᠬᠦᠴᠦᠯᠡᠨ ᠡᠭᠦᠳᠴᠦ᠂ ᠰᠢᠨᠵᠢᠯᠡᠬᠦ ᠤᠬᠠᠭᠠᠨ ᠢ ᠬᠦᠨᠳᠦᠳᠬᠡᠬᠦ᠂ ᠰᠢᠨ᠎ᠡ ᠶᠢ ᠡᠭᠦᠳᠬᠦ ᠶᠢ ᠡᠷᠬᠢᠮᠯᠡᠬᠦ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠨ᠎ᠠ᠃    ︵ᠬᠤᠶᠠᠷ︶ ᠦᠨᠳᠦᠰᠦᠨ ᠵᠠᠷᠴᠢᠮ     — ᠰᠢᠨᠵᠢᠯᠡᠬᠦ ᠤᠬᠠᠭᠠᠨᠴᠢ ᠵᠣᠷᠢᠭ ᠰᠠᠨᠠᠭ᠎ᠠ ᠪᠠᠷ ᠬᠥᠲᠦᠯᠡᠨ ᠳᠠᠭᠠᠭᠤᠯᠬᠤ ᠶᠢ  ᠳᠣᠪᠤᠶᠢᠯᠭᠠᠨ᠎ᠠ᠃     — ᠬᠠᠮᠵᠢᠯᠴᠠᠨ ᠠᠬᠢᠭᠤᠯᠬᠤ ᠶᠢ ᠪᠠᠷᠢᠮᠲᠠᠯᠠᠨ᠎ᠠ᠃   — ᠰᠢᠨᠵᠢᠯᠡᠬᠦ ᠤᠬᠠᠬᠠᠨ ᠢ ᠲᠦ᠋ᠭᠡᠮᠡᠯᠵᠢᠭᠦᠯᠬᠦ ᠪᠦᠲᠦᠭᠡᠭᠳᠡᠬᠦᠨ ᠤ ᠬᠠᠩᠬᠠᠯᠭ᠎ᠠ ᠶᠢ  ᠴᠢᠩᠭᠠᠳᠬᠠᠨ᠎ᠠ᠃     — ᠬᠠᠮᠲᠤᠷᠠᠯᠴᠠᠭ᠎ᠠ ᠰᠣᠯᠢᠯᠴᠠᠭ᠎ᠠ ᠪᠠᠨ ᠥᠷᠭᠡᠳᠬᠡᠨ᠎ᠡ᠃    ︵ᠭᠤᠷᠪᠠ︶ ᠶᠡᠷᠦᠩᠬᠡᠢ ᠬᠠᠷᠠᠯᠲᠠ    2025  ᠣᠨ ᠪᠣᠯᠬᠤ ᠳᠤ᠂ ᠪᠥᠬᠦ ᠬᠤᠰᠢᠭᠤᠨ ᠤ ᠠᠷᠠᠳ ᠢᠷᠭᠡᠳ ᠤᠨ ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠤᠨ ᠬᠠᠷᠢᠴᠠᠯ ᠢ 12% ᠲᠤ ᠬᠦᠷᠭᠡᠨ᠎ᠡ᠃ ᠪᠥᠬᠦ ᠬᠤᠰᠢᠭᠤᠨ ᠤ ᠰᠢᠨᠵᠢᠯᠡᠬᠦ ᠤᠬᠠᠭᠠᠨ ᠤ ᠬᠡᠪ ᠴᠢᠨᠠᠷ ᠤᠨ ᠠᠵᠢᠯ ᠤᠨ ᠬᠥᠭᠵᠢᠯᠲᠡ ᠨᠠᠩ ᠲᠡᠩᠴᠡᠭᠦᠷᠢᠲᠡᠶ ᠪᠣᠯᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠴᠢᠳᠠᠪᠤᠷᠢ ᠣᠯᠭᠤᠬᠤ ᠰᠢᠨ᠎ᠡ ᠶᠢ ᠡᠭᠦᠳᠬᠦ ᠬᠥᠭᠵᠢᠯᠲᠡ ᠶᠢᠨ ᠦᠢᠯᠡᠳᠦᠯ ᠡᠳᠦᠷ ᠢᠷᠡᠬᠦᠶ᠎ᠡ ᠲᠣᠪᠤᠶᠢᠮ᠎ᠠ ᠪᠣᠯᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠦᠷ᠎ᠡ ᠪᠦᠲᠦᠮᠵᠢ ᠨᠠᠩ ᠢᠯᠡᠷᠬᠡᠶ ᠪᠣᠯᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠭᠤᠷᠢ ᠲᠥᠬᠦᠭᠡᠷᠦᠮᠵᠢ ᠶᠢᠨ ᠲᠣᠬᠢᠷᠠᠭᠤᠯᠤᠯᠲᠠ ᠨᠠᠩ ᠰᠢᠨᠵᠢᠯᠡᠬᠦ ᠤᠬᠠᠭᠠᠨᠴᠢ ᠪᠣᠯᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠠᠯᠬᠤᠮ ᠠᠯᠬᠤᠮ ᠢᠶᠠᠷ ᠴᠢᠩᠭᠠᠷᠠᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠴᠢᠨᠠᠷ ᠰᠠᠶᠢᠲᠠᠶ ᠦᠢᠯᠡᠴᠢᠯᠡᠭᠡᠨ ᠤ ᠰᠢᠰᠲ᠋ᠧᠮ ᠦᠨᠳᠦᠰᠦᠨ ᠳᠡᠭᠡᠨ ᠪᠦᠷᠢᠯᠳᠦᠵᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠣᠷᠣᠭᠤᠯᠤᠯᠲᠠ ᠦᠷᠭᠦᠯᠵᠢᠯᠡᠨ ᠨᠡᠮᠡᠭᠳᠡᠵᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠨᠡᠶᠢᠭᠡᠮ ᠤᠨ ᠳᠠᠶᠢᠴᠢᠯᠠᠯᠲᠠ ᠨᠠᠩ ᠬᠦᠴᠦᠲᠡᠶ ᠪᠣᠯᠵᠤ᠂ ᠰᠢᠨᠵᠢᠯᠡᠬᠦ ᠤᠬᠠᠭᠠᠨᠴᠢ ᠵᠣᠷᠢᠭ ᠰᠠᠨᠠᠭ᠎ᠠ ᠶᠢ ᠨᠡᠶᠢᠭᠡᠮ ᠳᠠᠶᠠᠭᠠᠷ ᠲᠤ ᠶᠡᠭᠡ ᠪᠠᠷ ᠪᠠᠳᠠᠷᠠᠭᠤᠯᠵᠤ᠂ ᠰᠢᠨ᠎ᠡ ᠶᠢ ᠡᠭᠦᠳᠬᠦ ᠶᠢ ᠡᠷᠬᠢᠮᠯᠡᠬᠦ ᠨᠡᠶᠢᠭᠡᠮ ᠤᠨ ᠠᠭᠤᠷ ᠠᠮᠢᠰᠬᠤᠯ ᠢ ᠡᠳᠦᠷ ᠢᠷᠡᠬᠦᠶ᠎ᠡ  ᠥᠳᠭᠡᠷᠡᠭᠦᠯᠦᠨ᠎ᠡ᠃    ᠬᠤᠶᠠᠷ᠂ ᠭᠤᠣᠯ ᠠᠭᠤᠯᠭ᠎ᠠ   ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠦᠢᠯᠡᠳᠦᠯᠭᠡᠵᠢᠭᠦᠯᠬᠦ ᠶᠢᠨ ᠲᠣᠭᠤᠷᠢᠨ ᠳᠤ᠂ ᠰᠢᠨᠵᠢᠯᠡᠬᠦ ᠤᠬᠠᠭᠠᠨᠴᠢ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠣᠶᠤᠨᠴᠢ ᠰᠡᠳᠬᠢᠬᠦᠶ ᠶᠢ  ᠪᠣᠶᠢᠵᠢᠭᠤᠯᠤᠨ᠂ ᠪᠣᠯᠪᠠᠰᠤᠨ᠂ ᠡᠷᠡᠭᠦᠯ ᠮᠡᠨᠳᠦ᠂ ᠪᠣᠬᠢᠷᠲᠤᠯ ᠥᠬᠡᠶ᠂ ᠣᠷᠴᠢᠨ ᠲᠣᠭᠤᠷᠢᠨ ᠢ ᠬᠠᠮᠠᠭᠠᠯᠠᠬᠤ ᠰᠢᠨᠵᠢᠯᠡᠬᠦ ᠤᠬᠠᠭᠠᠨᠴᠢ ᠠᠮᠢᠳᠤᠷᠠᠯ ᠤᠨ ᠠᠷᠭ᠎ᠠ ᠬᠡᠯᠪᠡᠷᠢ ᠶᠢ ᠪᠣᠶ ᠪᠣᠯᠭᠠᠵᠤ᠂ ᠬᠥᠳᠡᠯᠮᠦᠷᠢ᠂ ᠦᠢᠯᠡᠳᠪᠦᠷᠢᠯᠡᠯ᠂ ᠰᠢᠨ᠎ᠡ ᠶᠢ ᠡᠭᠦᠳᠬᠦ ᠪᠠ ᠡᠭᠦᠳᠦᠨ ᠪᠦᠲᠦᠭᠡᠬᠦ ᠤᠷ᠎ᠠ ᠴᠢᠳᠠᠪᠤᠷᠢ ᠶᠢ ᠳᠡᠭᠡᠭᠰᠢᠯᠡᠭᠦᠯᠦᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ 5 ᠵᠦᠢᠯ ᠤᠨ ᠳᠡᠭᠡᠭᠰᠢᠯᠡᠭᠦᠯᠬᠦ ᠠᠵᠢᠯᠯᠠᠭ᠎ᠠ ᠶᠢ ᠭᠤᠤᠯᠳᠠᠯᠭ᠎ᠠ ᠲᠠᠢ ᠬᠡᠷᠡᠭᠵᠢᠭᠦᠯᠦᠨ᠎ᠡ᠃    ︵ᠨᠢᠭᠡ︶ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ  ᠳᠡᠭᠡᠭᠰᠢᠯᠡᠭᠦᠯᠬᠦ ᠠᠵᠢᠯᠯᠠᠭ᠎ᠠ    ᠪᠥᠬᠦ ᠬᠤᠰᠢᠭᠤᠨ ᠤ ᠵᠠᠯᠠᠭᠤᠴᠤᠳ ᠪᠠᠭᠠᠴᠤᠳ ᠤᠨ ᠰᠣᠨᠢᠭᠤᠴᠢ ᠰᠡᠳᠬᠢᠯᠭᠡ ᠪᠠ ᠲᠦᠷᠰᠦᠯᠡᠨ ᠪᠣᠳᠣᠬᠤ ᠴᠢᠳᠠᠪᠤᠷᠢ ᠶᠢ ᠬᠥᠭᠵᠢᠭᠡᠵᠦ᠂ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠤ ᠳᠤᠷ᠎ᠠ ᠰᠣᠨᠢᠷᠬᠠᠯ᠂ ᠰᠢᠨ᠎ᠡ ᠶᠢ ᠡᠭᠦᠳᠬᠦ ᠤᠬᠠᠮᠰᠠᠷ ᠪᠠ ᠰᠢᠨ᠎ᠡ ᠶᠢ ᠡᠭᠦᠳᠬᠦ ᠴᠢᠳᠠᠪᠤᠷᠢ ᠶᠢ ᠬᠥᠮᠦᠵᠢᠭᠦᠯᠵᠦ᠂ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠯᠭᠡ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃    ᠲᠦᠷᠦᠭᠦᠯᠡᠨ ᠬᠢᠬᠦ ᠰᠠᠯᠠᠭ᠎ᠠ ᠮᠥᠴᠢᠷ᠄ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ  ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤᠨ ᠤ ᠠᠵᠤ ᠦᠢᠯᠡᠳᠪᠦᠷᠢ ᠰᠢᠨᠵᠢᠯᠡᠬᠦ ᠤᠬᠠᠭᠠᠨ ᠤ ᠲᠣᠪᠴᠢᠶ᠎ᠠ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠪᠯᠡᠯ ᠤᠨ ᠬᠤᠰᠢᠭᠤᠨ ᠤ  ᠨᠠᠮ ᠤᠨ ᠬᠤᠷᠢᠶ᠎ᠠ᠂ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ    ︵ᠬᠤᠶᠠᠷ︶ ᠲᠠᠷᠢᠶᠠᠴᠢᠨ ᠮᠠᠯᠴᠢᠳ ᠤᠨ ᠰᠢᠨᠵᠢᠯᠡᠬᠦ ᠣᠬᠠᠭᠠᠨ ᠤ ᠬᠡᠪ ᠴᠢᠨᠡᠷ ᠢ ᠳᠡᠭᠡᠭᠰᠢᠯᠡᠬᠦᠯᠬᠦ ᠠᠵᠢᠯᠯᠠᠭ᠎ᠠ    ᠲᠠᠷᠢᠶᠠᠴᠢᠨ ᠮᠠᠯᠴᠢᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ᠃ ᠰᠢᠨᠵᠢᠯᠡᠬᠦ ᠤᠬᠠᠭᠠᠨ ᠮᠡᠷᠭᠡᠵᠢᠯ ᠰᠣᠶᠣᠯ ᠤᠨ ᠬᠡᠪ ᠴᠢᠨᠠᠷ ᠢ ᠳᠡᠭᠡᠭᠰᠢᠯᠡᠭᠦᠯᠬᠦ ᠪᠠᠷ ᠭᠤᠤᠯᠳᠠᠯᠭ᠎ᠠ ᠪᠣᠯᠭᠠᠨ᠂ ᠲᠠᠷᠢᠶᠠᠴᠢᠨ ᠮᠠᠯᠴᠢᠳ ᠤᠨ ᠪᠣᠯᠪᠠᠰᠤᠨ ᠠᠮᠢᠳᠤᠷᠠᠯ᠂ ᠰᠢᠨᠵᠢᠯᠡᠬᠦ ᠤᠬᠠᠭᠠᠨᠴᠢ ᠦᠢᠯᠡᠳᠪᠦᠷᠢᠯᠡᠯ᠂ ᠰᠢᠨᠵᠢᠯᠡᠬᠦ ᠤᠬᠠᠭᠠᠨᠴᠢ ᠪᠠᠷ ᠡᠵᠡᠩᠨᠡᠬᠦ ᠴᠢᠳᠠᠪᠤᠷᠢ ᠶᠢ ᠳᠡᠭᠡᠭᠰᠢᠯᠡᠭᠦᠯᠵᠦ᠂ ᠲᠠᠷᠢᠶᠠᠯᠠᠬᠤ ᠮᠠᠯᠵᠢᠬᠤ ᠣᠷᠣᠨ ᠤ ᠣᠳᠣᠬᠢᠴᠢᠯᠠᠭᠰᠠᠨ ᠬᠥᠭᠵᠢᠯᠲᠡ ᠶᠢᠨ ᠱᠠᠭᠠᠷᠳᠠᠯᠭ᠎ᠠ ᠳᠤ ᠳᠣᠭᠢᠷᠬᠠᠰᠠᠨ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠨ ᠮᠠᠯᠴᠢᠳ ᠤᠨ ᠨᠢᠭᠡᠨ ᠰᠠᠯᠠᠭ᠎ᠠ ᠡᠩᠨᠡᠭᠡ ᠶᠢ ᠪᠣᠶ ᠪᠣᠯᠭᠠᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠨ  ᠠᠬᠢᠭᠤᠯᠤᠨ᠎ᠠ᠃     ᠲᠦᠷᠦᠭᠦᠯᠡᠨ ᠬᠢᠬᠦ ᠰᠠᠯᠠᠭ᠎ᠠ ᠮᠥᠴᠢᠷ᠄ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ   ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠰᠢᠭᠤᠨ ᠤ ᠠᠵᠤ ᠦᠢᠯᠡᠳᠪᠦᠷᠢ ᠰᠢᠨᠵᠢᠯᠡᠬᠦ ᠤᠬᠠᠭᠠᠨ ᠤ ᠲᠣᠪᠴᠢᠶ᠎ᠠ᠂ ᠬᠤᠰᠢᠭᠤᠨ ᠤ ᠴᠠᠭ ᠠᠭᠤᠷ ᠤᠨ ᠲᠣᠪᠴᠢᠶ᠎ᠠ᠂ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ    ︵ᠭᠤᠷᠪᠠ︶ ᠠᠵᠤ ᠦᠢᠯᠡᠰ ᠤᠨ ᠠᠵᠢᠯᠴᠢᠨ ᠤ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ    ᠤᠷ᠎ᠠ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠬᠦ ᠪᠠᠷ ᠭᠤᠤᠯᠳᠠᠯᠭ᠎ᠠ ᠪᠣᠯᠭᠠᠵᠤ᠂ ᠠᠵᠤ ᠦᠢᠯᠡᠰ ᠤᠨ ᠠᠵᠢᠯᠴᠢᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠪᠠ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠵᠦ᠂ ᠬᠦᠰᠡᠯᠡᠩ ᠲᠠᠢ ᠢᠲᠡᠭᠡᠯ ᠪᠢᠰᠢᠷᠡᠯ ᠲᠠᠢ᠂ ᠮᠡᠷᠭᠡᠵᠢᠯ ᠲᠠᠢ ᠰᠢᠨ᠎ᠡ ᠶᠢ ᠡᠭᠦᠳᠴᠦ ᠴᠢᠳᠠᠬᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ ᠬᠤᠪᠢ ᠨᠡᠮᠡᠷᠢ ᠦᠵᠡᠭᠦᠯᠬᠦ ᠶᠢ ᠡᠷᠬᠢᠮᠯᠡᠬᠦ ᠥᠨᠳᠥᠷ ᠬᠡᠪ ᠪᠣᠯᠪᠠᠰᠤᠷᠠᠯ ᠲᠠᠢ ᠠᠵᠤ ᠦᠢᠯᠡᠰ ᠤᠨ ᠠᠵᠢᠯᠴᠢᠨ ᠤ ᠡᠩᠨᠡᠭᠡ ᠶᠢ ᠪᠠᠶᠢᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠨᠠᠩ ᠰᠠᠶᠢᠨ ᠬᠦᠴᠦᠨ ᠨᠡᠮᠡᠷᠢᠯᠡᠨ᠎ᠡ᠃    ᠲᠦᠷᠦᠭᠦᠯᠡᠨ ᠬᠢᠬᠦ ᠰᠠᠯᠠᠭ᠎ᠠ ᠮᠥᠴᠢᠷ᠄ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ  ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠂ ᠬᠤᠰᠢᠭᠤᠨ ᠤ ᠠᠵᠤ ᠦᠢᠯᠡᠳᠪᠦᠷᠢ ᠰᠢᠨᠵᠢᠯᠡᠬᠦ ᠤᠬᠠᠭᠠᠨ ᠤ ᠲᠣᠪᠴᠢᠶ᠎ᠠ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠪᠯᠡᠯ ᠤᠨ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ    ︵ᠲᠦᠷᠪᠡ︶ ᠨᠠᠰᠤᠲᠠᠶᠢᠴᠤᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ    ᠨᠠᠰᠤᠲᠠᠶᠢᠴᠤᠳ ᠤᠨ ᠮᠡᠳᠡᠭᠡ ᠵᠠᠩᠭᠢ ᠶᠢᠨ ᠬᠡᠪ ᠪᠣᠯᠪᠠᠰᠤᠷᠠᠯ ᠪᠠ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠨᠠᠰᠤᠲᠠᠶᠢᠴᠤᠳ ᠤᠨ ᠨᠡᠶᠢᠭᠡᠮ ᠤᠨ ᠬᠥᠭᠵᠢᠯᠲᠡ ᠳᠤ ᠵᠣᠬᠢᠴᠠᠬᠤ ᠴᠢᠳᠠᠪᠤᠷᠢ ᠶᠢ ᠳᠡᠭᠡᠭᠰᠢᠯᠡᠭᠦᠯᠦᠨ ᠂ ᠨᠠᠰᠤᠲᠠᠶᠢᠴᠤᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠵᠦ᠂ ᠨᠠᠰᠤᠲᠠᠨ ᠢ ᠪᠠᠶᠠᠷ ᠪᠠᠶᠠᠰᠬᠤᠯᠠᠩ ᠲᠠᠢ ᠪᠠᠶᠢᠯᠭᠠᠬᠤ᠂ ᠨᠠᠰᠤᠲᠠᠨ ᠢ ᠰᠤᠷᠤᠯᠴᠠᠯᠭ᠎ᠠ ᠳᠤ ᠣᠷᠤᠯᠴᠠᠭᠤᠯᠬᠤ᠂ ᠨᠠᠰᠤᠲᠠᠨ ᠢ ᠬᠢᠬᠦ ᠶᠠᠭᠤᠮ᠎ᠠ ᠲᠠᠢ ᠪᠣᠯᠭᠠᠬᠤ ᠶᠢ ᠪᠡᠶᠡᠯᠡᠭᠦᠯᠦᠨ᠎ᠡ᠃    ᠲᠦᠷᠦᠭᠦᠯᠡᠨ ᠬᠢᠬᠦ ᠰᠠᠯᠠᠭ᠎ᠠ ᠮᠥᠴᠢᠷ᠄ ᠬᠤᠰᠢᠭᠤᠨ ᠤ ᠠᠵᠤ ᠦᠢᠯᠡᠳᠪᠦᠷᠢ ᠰᠢᠨᠵᠢᠯᠡᠬᠦ ᠤᠬᠠᠭᠠᠨ ᠤ ᠲᠣᠪᠴᠢᠶ᠎ᠠ    ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠤᠰᠢᠭᠤᠨ ᠤ ᠨᠠᠮ ᠤᠨ ᠬᠤᠷᠢᠶ᠎ᠠ ᠶᠢᠨ ᠠᠬᠠᠮᠠᠳ ᠺᠠᠳ᠋ᠷᠴᠤᠳ ᠤᠨ ᠲᠣᠪᠴᠢᠶ᠎ᠠ᠂ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ    ︵ᠲᠠᠪᠤ︶ ᠤᠳᠤᠷᠢᠳᠬᠤ ᠺᠠᠳ᠋ᠷ ᠪᠠ ᠠᠯᠪᠠᠲᠠᠨ ᠤ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ    ᠤᠳᠤᠷᠢᠳᠬᠤ ᠺᠠᠳ᠋ᠷ ᠪᠠ ᠠᠯᠪᠠᠲᠠᠨ ᠤ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ ᠵᠡᠷᠭᠡ ᠪᠠᠶᠢᠯᠳᠤᠬᠤ ᠪᠣᠳᠣᠯᠭ᠎ᠠ ᠶᠢᠨ ᠲᠤᠬᠠᠶ ᠲᠠᠨᠢᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠲᠥᠷᠥ ᠶᠢᠨ ᠪᠣᠳᠣᠯᠭ᠎ᠠ ᠲᠣᠭᠲᠠᠭᠠᠬᠤ ᠴᠢᠳᠠᠪᠤᠷᠢ ᠪᠠᠨ ᠳᠡᠭᠡᠭᠰᠢᠯᠡᠭᠦᠯᠦᠨ᠂ ᠰᠢᠨᠵᠢᠯᠡᠬᠦ ᠤᠬᠠᠭᠠᠨᠴᠢ ᠪᠠᠷ ᠲᠥᠷᠥ ᠪᠠᠷᠢᠬᠤ ᠣᠶᠢᠯᠠᠭᠠᠭᠳᠠᠬᠤᠨ ᠢ ᠪᠣᠶ ᠪᠣᠯᠭᠠᠵᠤ᠂ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠴᠢᠳᠠᠪᠤᠷᠢ ᠪᠠᠨ ᠴᠢᠩᠭᠠᠳᠬᠠᠵᠤ᠂ ᠪᠥᠬᠦ ᠬᠤᠰᠢᠭᠤᠨ ᠤ ᠡᠯ᠎ᠡ  ᠵᠦᠢᠯ ᠤᠨ ᠠᠵᠢᠯ ᠦᠢᠯᠡᠰ ᠤᠨ ᠬᠥᠭᠵᠢᠯᠲᠡ ᠳᠤ ᠨᠠᠩ ᠰᠠᠶᠢᠨ ᠦᠢᠯᠡᠴᠢᠯᠡᠨ᠎ᠡ᠃    ᠲᠦᠷᠦᠭᠦᠯᠡᠨ ᠬᠢᠬᠦ ᠰᠠᠯᠠᠭ᠎ᠠ ᠮᠥᠴᠢᠷ᠄ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ    ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠂ ᠬᠤᠰᠢᠭᠤᠨ ᠤ ᠠᠵᠤ ᠦᠢᠯᠡᠳᠪᠦᠷᠢ ᠰᠢᠨᠵᠢᠯᠡᠬᠦ ᠤᠬᠠᠭᠠᠨ ᠤ ᠲᠣᠪᠴᠢᠶ᠎ᠠ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ     ᠭᠤᠷᠪᠠ᠂  ᠪᠠᠶᠢᠭᠤᠯᠤᠯᠲᠠ ᠶᠢᠨ ᠭᠤᠤᠯᠳᠠᠯᠭ᠎ᠠ    ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠰᠠᠭᠤᠷᠢ ᠶᠢ ᠪᠠᠬᠢᠵᠢᠭᠦᠯᠬᠦ᠂ ᠳᠠᠪᠠᠭᠤᠯᠢᠭ ᠢ ᠪᠠᠳᠠᠷᠠᠭᠤᠯᠬᠤ᠂ ᠳᠤᠲᠠᠭᠤᠳᠠᠯ ᠢ ᠨᠥᠬᠦᠪᠥᠷᠢᠯᠡᠬᠦ᠂ ᠪᠠᠭᠤᠷᠠᠢ ᠲᠠᠯ᠎ᠠ ᠶᠢ ᠬᠦᠴᠦᠷᠬᠡᠭᠵᠢᠭᠦᠯᠬᠦ ᠪᠠᠷ ᠬᠦᠴᠦᠯᠡᠨ ᠴᠢᠷᠮᠠᠶᠢᠵᠤ᠂ ᠭᠤᠣᠯ ᠴᠣᠭᠴᠠ ᠣᠯᠠᠨ ᠡᠰᠢᠵᠢᠭᠰᠡᠨ᠂ ᠠᠷᠭ᠎ᠠ ᠪᠠᠷᠢᠯ ᠤᠯᠠᠨ ᠶᠠᠩᠵᠤ ᠶᠢᠨ᠂ ᠬᠠᠩᠭᠠᠯᠭ᠎ᠠ ᠴᠢᠨᠠᠷ ᠰᠠᠶᠢᠲᠠᠢ᠂ ᠲᠣᠭᠲᠠᠴᠠ ᠪᠦᠲᠦᠮᠵᠢᠲᠡᠢ ᠰᠢᠨᠵᠢᠯᠡᠬᠦ ᠤᠬᠠᠭᠠᠨ ᠤ ᠬᠡᠪ ᠴᠢᠨᠠᠷ ᠤᠨ ᠪᠠᠶᠢᠭᠤᠯᠤᠯᠲᠠ ᠶᠢᠨ ᠰᠢᠰᠲ᠋ᠧᠮ ᠢ ᠪᠠᠶᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ 5 ᠵᠦᠢᠯ ᠤᠨ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃    ︵ᠨᠢᠭᠡ︶ ᠰᠢᠨᠵᠢᠯᠡᠬᠦ ᠣᠬᠠᠭᠠᠨ ᠢ ᠲᠦᠭᠡᠮᠡᠯᠵᠢᠭᠦᠯᠬᠦ ᠡᠬᠢ ᠪᠠᠶᠠᠯᠢᠭ ᠤᠨ ᠪᠠᠶᠢᠭᠤᠯᠤᠯᠲᠠ ᠶᠢ  ᠴᠢᠩᠭᠠᠳᠬᠠᠨ᠎ᠠ    ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠢ ᠨᠡᠶᠢᠭᠡᠮᠴᠢᠯᠡᠬᠦ᠂ ᠵᠠᠬ᠎ᠠ ᠳᠡᠯᠭᠡᠭᠦᠷᠴᠢᠯᠡᠬᠦ ᠪᠠ ᠰᠣᠳᠣᠨ ᠪᠦᠲᠦᠭᠡᠯ ᠪᠣᠯᠭᠠᠬᠤ ᠪᠠᠷ ᠤᠳᠤᠷᠢᠳᠤᠮᠵᠢ ᠪᠣᠯᠭᠠᠨ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠣᠯᠠᠨ ᠨᠡᠶᠢᠲᠡ ᠶᠢᠨ ᠦᠢᠯᠡᠴᠢᠯᠡᠭᠡᠨ ᠤ ᠦᠢᠯᠡᠳᠬᠦᠨ ᠤ ᠪᠦᠲᠦᠮᠵᠢᠲᠡᠶ ᠬᠠᠩᠭᠠᠯᠭ᠎ᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠤᠨ ᠰᠢᠨᠵᠢᠯᠡᠬᠦ ᠤᠬᠠᠭᠠᠨ  ᠢ ᠲᠦᠭᠡᠮᠡᠯᠵᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠤᠨ ᠰᠢᠨᠵᠢᠯᠡᠬᠦ ᠤᠬᠠᠭᠠᠨ ᠢ  ᠲᠦᠭᠡᠮᠡᠯᠵᠢᠭᠦᠯᠬᠦ ᠲᠣᠭᠲᠠᠴᠠ ᠶᠢ ᠦᠨᠳᠦᠰᠦᠨ ᠳᠤᠨᠢ ᠪᠠᠶᠢᠭᠤᠯᠬᠤ ᠶᠢᠨ ᠬᠠᠮᠲᠤ ᠲᠠᠰᠤᠷᠠᠯᠲᠠ ᠤᠢᠭᠡᠢ ᠲᠡᠭᠦᠯᠳᠡᠷᠵᠢᠭᠦᠯᠦᠨ᠎ᠡ᠃     ᠲᠦᠷᠦᠭᠦᠯᠡᠨ ᠬᠢᠬᠦ ᠰᠠᠯᠠᠭ᠎ᠠ ᠮᠥᠴᠢᠷ᠄ ᠬᠤᠰᠢᠭᠤᠨ ᠤ ᠠᠵᠤ ᠦᠢᠯᠡᠳᠪᠦᠷᠢ ᠰᠢᠨᠵᠢᠯᠡᠬᠦ ᠤᠬᠠᠭᠠᠨ ᠤ ᠲᠣᠪᠴᠢᠶ᠎ᠠ    ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ    ︵ᠬᠤᠶᠠᠷ︶ ᠰᠢᠨᠵᠢᠯᠡᠬᠦ ᠣᠬᠠᠭᠠᠨ ᠢ ᠲᠦᠭᠡᠮᠡᠯᠵᠢᠭᠦᠯᠬᠦ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠶᠢ ᠴᠢᠩᠭᠠᠳᠬᠠᠨ᠎ᠠ    ᠴᠢᠨᠠᠷ ᠰᠠᠶᠢᠲᠠᠶ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠭᠤᠯᠭ᠎ᠠ ᠶᠢᠨ ᠡᠬᠢ ᠪᠠᠶᠠᠯᠢᠭ ᠢ ᠵᠣᠬᠢᠶᠠᠨ ᠪᠦᠲᠦᠭᠡᠬᠦ ᠪᠠ ᠳᠠᠮᠵᠢᠭᠤᠯᠬᠤ ᠴᠢᠳᠠᠪᠤᠷᠢ ᠶᠢ ᠳᠡᠭᠡᠭᠰᠢᠯᠡᠭᠦᠯᠵᠦ᠂ ᠤᠯᠠᠮᠵᠢᠯᠠᠯᠲᠤ ᠵᠠᠭᠤᠴᠢᠯᠠᠭᠤᠷ ᠬᠢᠭᠡᠳ ᠰᠢᠨ᠎ᠡ ᠵᠠᠭᠤᠴᠢᠯᠠᠭᠤᠷ ᠤᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠴᠠᠭ ᠲᠤᠬᠠᠶ ᠳᠤᠨᠢ᠂ ᠳᠡᠯᠭᠡᠷᠡᠩᠭᠦᠶ᠂ ᠨᠠᠷᠢᠯᠢᠭ  ᠣᠨᠤᠪᠴᠢᠲᠠᠢ ᠮᠡᠳᠡᠭᠡ ᠵᠠᠩᠭᠢᠵᠢᠯᠲᠠ ᠶᠢᠨ ᠬᠠᠮ ᠵᠠᠭᠤᠴᠢᠯᠠᠭᠤᠷ ᠤᠨ ᠳᠠᠮᠵᠢᠭᠤᠯᠭ᠎ᠠ ᠶᠢᠨ ᠲᠣᠤᠷ ᠰᠦᠯᠵᠢᠶ᠎ᠡ ᠶᠢ ᠪᠠᠶᠢᠭᠤᠯᠤᠨ᠎ᠠ᠃     ᠲᠦᠷᠦᠭᠦᠯᠡᠨ ᠬᠢᠬᠦ ᠰᠠᠯᠠᠭ᠎ᠠ ᠮᠥᠴᠢᠷ᠄ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ    ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠂ ᠬᠤᠰᠢᠭᠤᠨ ᠤ ᠠᠵᠤ ᠦᠢᠯᠡᠳᠪᠦᠷᠢ ᠰᠢᠨᠵᠢᠯᠡᠬᠦ ᠤᠬᠠᠭᠠᠨ ᠤ ᠲᠣᠪᠴᠢᠶ᠎ᠠ᠂ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠰᠢᠭᠤᠨ ᠤ ᠰᠢᠨᠵᠢᠯᠡᠬᠦ ᠮᠡᠷᠭᠡᠵᠢᠯ ᠤᠨ ᠨᠡᠶᠢᠭᠡᠮᠯᠢᠭ    ︵ᠭᠤᠷᠪᠠ︶ ᠰᠢᠨᠵᠢᠯᠡᠬᠦ ᠣᠬᠠᠭᠠᠨ ᠢ ᠲᠦᠭᠡᠮᠡᠯᠵᠢᠭᠦᠯᠬᠦ ᠰᠠᠭᠤᠷᠢ ᠲᠦᠬᠦᠭᠡᠷᠥᠮᠵᠢ ᠶᠢᠨ ᠪᠠᠶᠢᠭᠤᠯᠤᠯᠲᠠ ᠶᠢ  ᠴᠢᠩᠭᠠᠳᠬᠠᠨ᠎ᠠ    ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠭᠤᠷᠢ ᠲᠦᠬᠦᠭᠡᠷᠥᠮᠵᠢ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠰᠠᠶᠢᠲᠤᠷ ᠬᠢᠵᠦ᠂ ᠪᠣᠳᠠᠲᠤ ᠴᠣᠭᠴᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠭᠤᠷᠢ ᠳᠦᠬᠦᠭᠡᠷᠦᠮᠵᠢ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠨᠡᠶᠢᠭᠡᠮ ᠤᠨ ᠡᠬᠢ ᠪᠠᠶᠠᠯᠢᠭ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠴᠢᠳᠠᠮᠵᠢ ᠶᠢ  ᠦᠷᠭᠡᠳᠭᠡᠨ᠎ᠡ᠃    ᠲᠦᠷᠦᠭᠦᠯᠡᠨ ᠬᠢᠬᠦ ᠰᠠᠯᠠᠭ᠎ᠠ ᠮᠥᠴᠢᠷ᠄ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ    ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠂ ᠬᠤᠰᠢᠭᠤᠨ ᠤ ᠠᠵᠤ ᠦᠢᠯᠡᠳᠪᠦᠷᠢ ᠰᠢᠨᠵᠢᠯᠡᠬᠦ ᠤᠬᠠᠭᠠᠨ ᠤ ᠲᠣᠪᠴᠢᠶ᠎ᠠ᠂ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠬᠤᠰᠢᠭᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠬᠤᠰᠢᠭᠤᠨ ᠤ ᠴᠠᠭ ᠠᠭᠤᠷ ᠤᠨ ᠲᠣᠪᠴᠢᠶ᠎ᠠ    ︵ᠲᠦᠷᠪᠡ︶ ᠦᠨᠳᠦᠰᠦᠨ ᠱᠠᠲᠤᠨ ᠤ ᠰᠢᠨᠵᠢᠯᠡᠬᠦ ᠣᠬᠠᠭᠠᠨ ᠢ ᠲᠦᠭᠡᠮᠡᠯᠵᠢᠭᠦᠯᠬᠦ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ  ᠴᠢᠩᠭᠠᠳᠬᠠᠨ᠎ᠠ    ᠪᠠᠴᠢᠮ ᠪᠠᠶᠢᠳᠠᠯ ᠢ ᠠᠷᠭᠠᠴᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠦᠨ ᠵᠣᠬᠢᠴᠠᠭᠤᠯᠵᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠩ ᠤᠨ ᠦᠶ᠎ᠡ ᠪᠠ ᠳᠠᠶᠢᠨ ᠤ ᠦᠶ᠎ᠡ ᠶᠢ ᠤᠶᠠᠯᠳᠤᠭᠤᠯᠤᠭᠰᠠᠨ ᠪᠠᠴᠢᠮ ᠪᠠᠶᠢᠳᠠᠯ ᠢ ᠠᠷᠭᠠᠴᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠢᠰᠲ᠋ᠧᠮᠵᠢ ᠶᠢ ᠦᠨᠳᠦᠰᠦᠨ ᠳᠤ ᠪᠠᠨ ᠪᠠᠶᠢᠭᠤᠯᠤᠨ᠎ᠠ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠢᠯᠡᠴᠢᠯᠡᠭᠡᠨ ᠤ ᠴᠢᠳᠠᠪᠤᠷᠢ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃        ᠲᠦᠷᠦᠭᠦᠯᠡᠨ ᠬᠢᠬᠦ ᠰᠠᠯᠠᠭ᠎ᠠ ᠮᠥᠴᠢᠷ᠄ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ    ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠂ ᠬᠤᠰᠢᠭᠤᠨ ᠤ ᠠᠵᠤ ᠦᠢᠯᠡᠳᠪᠦᠷᠢ ᠰᠢᠨᠵᠢᠯᠡᠬᠦ ᠤᠬᠠᠭᠠᠨ ᠤ ᠲᠣᠪᠴᠢᠶ᠎ᠠ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠡᠪᠯᠡᠯ ᠤᠨ ᠬᠤᠰᠢᠭᠤᠨ ᠤ  ᠨᠠᠮ ᠤᠨ ᠬᠤᠷᠢᠶ᠎ᠠ    ︵ᠲᠠᠪᠤ︶ ᠦᠨᠳᠦᠰᠦᠨ ᠱᠠᠲᠤᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ    ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ︵ᠭᠠᠵᠠᠷ᠂ ᠥᠷᠲᠡᠭᠡ︶ ᠢᠶᠠᠷ ᠵᠢᠭᠰᠠᠭᠠᠯ ᠤᠨ ᠭᠠᠵᠠᠷ ᠪᠣᠯᠭᠠᠵᠤ᠂ ᠰᠠᠶᠢᠨ ᠳᠤᠷ᠎ᠠ ᠶᠢᠨ ᠦᠢᠯᠡᠴᠢᠯᠡᠭᠡ ᠪᠠᠷ ᠴᠢᠬᠤᠯᠠ ᠠᠷᠭ᠎ᠠ ᠪᠠᠷᠢᠯ ᠪᠣᠯᠭᠠᠭᠰᠠᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠳᠤ ᠣᠷᠣᠯᠴᠠᠵᠤ᠂ ᠦᠨᠳᠦᠰᠦᠨ ᠱᠠᠲᠤᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠ ᠪᠣᠯᠪᠠᠰᠤᠨ ᠤ ᠦᠢᠯᠡᠳᠦᠯᠭᠡ ᠶᠢ ᠬᠠᠷᠢᠯᠴᠠᠨ ᠠᠬᠢᠭᠤᠯᠬᠤ᠂ ᠪᠦᠬᠦᠯᠢ ᠴᠣᠭᠴᠠ ᠶᠢᠨ ᠬᠤᠯᠪᠣᠭᠠᠯᠠᠨ ᠬᠥᠳᠡᠯᠦᠯᠴᠡᠬᠦ ᠶᠢ ᠠᠬᠢᠭᠤᠯᠤᠨ᠎ᠠ᠃     ᠲᠦᠷᠦᠭᠦᠯᠡᠨ ᠬᠢᠬᠦ ᠰᠠᠯᠠᠭ᠎ᠠ ᠮᠥᠴᠢᠷ᠄ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ    ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠂ ᠬᠤᠰᠢᠭᠤᠨ ᠤ ᠠᠵᠤ ᠦᠢᠯᠡᠳᠪᠦᠷᠢ ᠰᠢᠨᠵᠢᠯᠡᠬᠦ ᠤᠬᠠᠭᠠᠨ ᠤ ᠲᠣᠪᠴᠢᠶ᠎ᠠ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠡᠪᠯᠡᠯ ᠤᠨ ᠬᠤᠰᠢᠭᠤᠨ ᠤ  ᠨᠠᠮ ᠤᠨ ᠬᠤᠷᠢᠶ᠎ᠠ    ᠳᠥᠷᠪᠡ᠂ ᠵᠣᠬᠢᠶᠠᠨ ᠪᠠᠶᠢᠭᠤᠯᠤᠨ ᠬᠡᠷᠡᠭᠵᠢᠭᠦᠯᠬᠦ    ︵ᠨᠢᠭᠡ᠂ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠤᠰᠢᠭᠤᠨ ᠤ ᠠᠵᠤ ᠦᠢᠯᠡᠳᠪᠦᠷᠢ ᠰᠢᠨᠵᠢᠯᠡᠬᠦ ᠤᠬᠠᠭᠠᠨ ᠤ ᠲᠣᠪᠴᠢᠶ᠎ᠠ ︽ᠠᠤᠬᠠᠨ ᠬᠤᠰᠢᠭᠤᠨ ᠤ ᠪᠥᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠠᠵᠢᠯᠯᠠᠭᠠᠨ ᠤ ᠲᠥᠯᠥᠪᠵᠢᠭᠦᠯᠭᠡ ᠶᠢᠨ ᠬᠥᠲᠥᠯᠪᠦᠷᠢ ᠶᠢ ᠬᠡᠷᠡᠭᠵᠢᠭᠦᠯᠬᠦ ᠲᠥᠰᠦᠯ ︵2021—2025 ᠣᠨ︶︶ ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠠᠵᠢᠯ ᠢ ᠣᠨ ᠤ ᠠᠵᠢᠯ ᠤᠨ ᠲᠥᠯᠥᠪᠯᠡᠭᠡ ᠳᠡᠭᠡᠨ ᠣᠷᠣᠭᠤᠯᠵᠤ᠂ ᠬᠠᠷᠠᠯᠲᠠᠲᠤ ᠬᠠᠮᠢᠶᠠᠷᠤᠯᠲᠠ ᠶᠢᠨ ᠬᠢᠨᠠᠨ ᠰᠢᠯᠭᠠᠬᠤ ᠳᠤ ᠣᠷᠣᠭᠤᠯᠬᠤ ᠶᠢᠨ ᠬᠠᠮᠲᠤ ᠵᠣᠬᠢᠴᠠᠩᠭᠤᠶ ᠲᠥᠷᠥ ᠶᠢᠨ ᠪᠣᠳᠣᠯᠭ᠎ᠠ ᠨᠡᠶᠢᠳᠡᠯᠡᠨ ᠪᠠᠲᠤᠯᠠᠨ᠎ᠠ᠃ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠨᠢ ᠪᠥᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠶᠡᠷᠦᠩᠬᠡᠶᠢᠯᠡᠨ ᠵᠣᠬᠢᠴᠠᠭᠤᠯᠬᠤ  ᠦᠢᠯᠡᠳᠦᠯ ᠢ  ᠭᠦᠢᠴᠡᠳ ᠪᠠᠳᠠᠷᠠᠭᠤᠯᠵᠤ᠂ ᠡᠳᠦᠷ ᠲᠤᠲᠤᠮ ᠤᠨ ᠨᠡᠪᠲᠡᠷᠡᠯᠴᠡᠨ ᠬᠠᠷᠢᠯᠴᠠᠬᠤ ᠠᠵᠢᠯ ᠢ ᠰᠠᠶᠢᠲᠤᠷ  ᠬᠢᠨ᠎ᠡ᠃ ᠬᠤᠰᠢᠭᠤᠨ ᠤ ᠪᠥᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠨᠦᠭᠦᠳ ᠲᠥᠰᠦᠯ ᠳᠤ ᠵᠢᠭᠰᠠᠭᠠᠭᠰᠠᠨ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠲᠣᠰ ᠰᠠᠯᠠᠭ᠎ᠠ ᠮᠥᠴᠢᠷ᠂ ᠲᠣᠰ ᠨᠢᠭᠡᠴᠡ ᠶᠢᠨ ᠬᠠᠮᠢᠶ᠎ᠠ ᠪᠥᠬᠦᠶ ᠲᠥᠯᠥᠪᠵᠢᠭᠦᠯᠭᠡ ᠪᠠ ᠲᠥᠯᠥᠪᠯᠡᠭᠡ ᠳᠤ ᠣᠷᠣᠭᠤᠯᠵᠤ᠂ ᠪᠥᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠡᠯ᠎ᠡ ᠵᠦᠢᠯ ᠤᠨ ᠠᠵᠢᠯ ᠢ ᠭᠦᠨᠵᠡᠭᠡᠶ ᠬᠡᠷᠡᠭᠵᠢᠭᠦᠯᠬᠦ ᠶᠢ ᠬᠠᠮᠲᠤᠪᠠᠷ ᠠᠬᠢᠭᠤᠯᠤᠨ᠎ᠠ᠃    ︵ᠬᠤᠶᠠᠷ︶ ᠲᠣᠭᠲᠠᠴᠠ ᠶᠢ  ᠲᠡᠭᠦᠯᠳᠡᠷᠵᠢᠭᠦᠯᠦᠨ᠎ᠡ᠃ ᠬᠠᠮᠵᠢᠯᠴᠠᠨ ᠬᠠᠮᠲᠤᠪᠠᠷ ᠪᠠᠶᠢᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ᠤᠳ ᠬᠠᠮᠲᠤᠷᠠᠨ ᠬᠠᠮᠵᠢᠯᠴᠠᠬᠤ ᠪᠠᠨ ᠴᠢᠩᠭᠠᠳᠬᠠᠵᠤ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠰᠣᠯᠢᠯᠴᠠᠭᠠᠨ ᠤ ᠲᠣᠭᠲᠠᠴᠠ ᠶᠢ ᠪᠦᠷᠢᠯᠳᠦᠭᠦᠯᠵᠦ᠂ ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠠᠵᠢᠯ ᠢ ᠬᠠᠮᠲᠤᠪᠠᠷ ᠠᠬᠢᠭᠤᠯᠤᠨ᠎ᠠ᠃ ᠱᠠᠩᠨᠠᠬᠤ ᠲᠣᠭᠲᠠᠴᠠ ᠶᠢ ᠲᠡᠭᠦᠯᠳᠡᠷᠵᠢᠭᠦᠯᠦᠨ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠦᠨᠳᠦᠰᠦᠯᠡᠨ᠂ ᠰᠢᠨᠵᠢᠯᠡᠬᠦ ᠤᠬᠠᠭᠠᠨ ᠤ ᠮᠡᠳᠡᠯᠭᠡ ᠪᠣᠯᠪᠠᠰᠤᠷᠠᠯ ᠤᠨ ᠪᠠᠶᠢᠭᠤᠯᠤᠯᠲᠠ ᠳᠤᠮᠳᠠ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠬᠠᠮᠲᠤ ᠪᠣᠯᠤᠨ ᠬᠤᠪᠢ ᠬᠥᠮᠦᠨ ᠢ ᠱᠠᠩᠨᠠᠬᠤ ᠪᠠ ᠬᠥᠬᠢᠭᠦᠯᠦᠨ ᠰᠠᠶᠢᠰᠢᠶᠠᠨ᠎ᠠ᠃ ᠬᠢᠨᠠᠨ ᠬᠡᠮᠵᠢᠵᠦ ᠦᠨᠡᠯᠡᠨ ᠵᠢᠱᠢᠬᠦ ᠰᠢᠰᠲ᠋ᠧᠮ ᠢ ᠪᠠᠶᠢᠭᠤᠯᠵᠤ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠤᠨ ᠦᠨᠡᠯᠡᠨ ᠵᠢᠱᠢᠬᠦ ᠲᠦᠷᠢᠮ ᠢ ᠪᠠᠶᠢᠭᠤᠯᠵᠤ᠂ ᠠᠷᠠᠳ ᠢᠷᠭᠡᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠬᠢᠨᠠᠨ ᠬᠡᠮᠵᠢᠵᠦ ᠦᠨᠡᠯᠡᠨ ᠵᠢᠱᠢᠬᠦ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠱᠠᠯᠠᠪᠳᠠᠭᠤᠯᠤᠨ ᠪᠠᠶᠢᠴᠠᠭᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃    ︵ᠭᠤᠷᠪᠠ︶ ᠪᠠᠲᠤᠯᠠᠭ᠎ᠠ ᠶᠢ ᠴᠢᠩᠭᠠᠳᠬᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠪᠠ ᠤᠯᠠᠭᠠᠨᠬᠠᠳᠠ ᠬᠤᠲᠠ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠤᠨ ᠬᠥᠭᠵᠢᠯᠲᠡ ᠶᠢ ᠠᠬᠢᠭᠤᠯᠬᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠬᠤᠯᠪᠣᠭᠳᠠᠯ ᠪᠥᠬᠦᠶ ᠬᠠᠤᠯᠢ ᠲᠦᠷᠢᠮ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠣᠳᠠᠲᠤ ᠦᠷ᠎ᠡ ᠪᠦᠲᠦᠮᠵᠢ ᠶᠢ  ᠠᠬᠢᠭᠤᠯᠤᠨ᠎ᠠ᠃ ᠬᠤᠰᠢᠭᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠣᠭᠲᠠᠭᠠᠯ ᠶᠣᠰᠣᠭᠠᠷ ᠵᠠᠷᠤᠳᠠᠯ ᠳᠣᠭᠢᠷᠠᠭᠤᠯᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠢᠯᠡᠰ ᠤᠨ ᠬᠥᠭᠵᠢᠯᠲᠡ ᠶᠢ ᠳᠡᠮᠵᠢᠵᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠠᠷᠤᠳᠠᠯ ᠤᠨ ᠬᠠᠮᠢᠶᠠᠷᠤᠯᠲᠠ ᠪᠠ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠶᠢ ᠴᠢᠩᠭᠠᠳᠬᠠᠨ᠂ ᠲᠤᠰᠬᠠᠶ ᠵᠣᠭᠤᠰ ᠢ ᠲᠤᠰᠬᠠᠶ ᠬᠡᠷᠡᠭᠯᠡᠬᠦ ᠪᠠ ᠬᠡᠷᠡᠭᠯᠡᠬᠦ ᠦᠷ᠎ᠡ ᠪᠦᠲᠦᠮᠵᠢ ᠶᠢ ᠦᠨᠡᠨᠬᠦ ᠪᠠᠲᠤᠯᠠᠨ᠎ᠠ᠃ ᠬᠤᠪᠢ ᠬᠥᠮᠦᠨ᠂ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠨᠡᠶᠢᠭᠡᠮ ᠤᠨ ᠬᠦᠴᠦᠨ ᠠᠴᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠭᠤᠷᠢ ᠮᠥᠩᠭᠦ ᠪᠠᠶᠢᠭᠤᠯᠬᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠥᠷᠥᠯ ᠵᠦᠢᠯ ᠢ ᠵᠣᠭᠤᠰ ᠮᠥᠩᠭᠦ ᠪᠠᠷ ᠲᠤᠰᠠᠯᠠᠬᠤ ᠶᠢ ᠰᠠᠨᠠᠭᠠᠴᠢᠯᠠᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠢᠯᠡᠰ ᠤᠨ ᠬᠥᠭᠵᠢᠯᠲᠡ ᠶᠢᠨ ᠪᠡᠯᠡ ᠮᠥᠩᠭᠦ ᠶᠢᠨ ᠢᠷᠡᠯᠲᠡ ᠶᠢᠨ ᠣᠯᠠᠨ ᠡᠰᠢᠵᠢᠬᠦ ᠶᠢ  ᠠᠬᠢᠭᠤᠯᠤᠨ᠎ᠠ᠃     ᠬᠤᠯᠪᠤᠭᠳᠠᠯ ᠪᠦᠬᠦᠢ ᠠᠭᠤᠯᠭ᠎ᠠ ᠄ ︽ᠠᠤᠬᠠᠨ ᠬᠤᠰᠢᠭᠤᠨ ᠤ ᠪᠥᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠠᠵᠢᠯᠯᠠᠭᠠᠨ ᠤ ᠲᠥᠯᠥᠪᠵᠢᠭᠦᠯᠭᠡ ᠶᠢᠨ ᠬᠥᠲᠥᠯᠪᠦᠷᠢ ᠶᠢᠨ ᠬᠡᠷᠡᠭᠵᠢᠭᠦᠯᠬᠦ ᠲᠥᠰᠦᠯ ︵2021—2025 ᠣᠨ︶︾ ᠢ ᠳᠠᠷᠤᠮᠠᠯᠯᠠᠨ ᠶᠠᠪᠤᠭᠤᠯᠬᠤ ᠲᠤᠬᠠᠶ ᠠᠤᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号