| ᠥᠷᠭᠡᠨ ᠣᠯᠠᠨ ᠪᠠᠭᠰᠢ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ | ᠡᠷᠡᠭᠦᠯ ᠮᠡᠨᠳᠦ ᠶᠢ ᠪᠠᠲᠤᠯᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠬᠤᠭᠤᠯᠠᠨ ᠭᠡᠷ ᠪᠠ ᠰᠤᠷᠭᠠᠭᠤᠯᠢ ᠶᠢᠨ | ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠤᠬᠠᠮᠰᠠᠷ | ᠬᠢᠭᠡᠳ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠢᠳᠡᠭᠡᠨ ᠤ | ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠠᠤᠬᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠣᠶᠢᠷ᠎ᠠ ᠳᠤ ᠬᠠᠷᠢᠶᠠᠲᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠬᠤᠭᠤᠯᠠᠨ | ᠭᠡᠷ ᠪᠠ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠢᠳᠡᠭᠡᠨ ᠤ ᠠᠮᠤᠷ | ᠲᠦᠪᠰᠢᠨ ᠳᠤ ᠴᠢᠭᠯᠡᠭᠦᠯᠦᠨ ᠱᠠᠯᠠᠪᠳᠠᠨ ᠪᠠᠶᠢᠴᠠᠭᠠᠯᠲᠠ ᠬᠢᠪᠡ᠃ | ᠲᠣᠰ ᠤᠳᠠᠭᠠᠨ ᠤ ᠪᠠᠶᠢᠴᠠᠭᠠᠯᠲᠠ ᠨᠢ ᠳᠤᠮᠳᠠᠳᠤ ᠪᠠᠭ᠎ᠠ ᠰᠤᠷᠭᠠᠭᠤᠯᠢ ᠶᠢᠨ ᠬᠤᠭᠤᠯᠠᠨ ᠭᠡᠷ ᠪᠠ | ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠬᠢᠷᠢ ᠬᠡᠮ ᠤᠨ ᠦᠨᠡᠮᠯᠡᠯ᠂ | ᠠᠵᠢᠯᠲᠠᠨ ᠤ ᠪᠣᠯᠪᠠᠰᠤᠷᠠᠭᠤᠯᠤᠯ ᠪᠠ ᠬᠠᠮᠢᠶᠠᠷᠤᠯᠲᠠ᠂ ᠢᠳᠡᠭᠡᠨ ᠬᠤᠳᠠᠯᠳᠤᠨ ᠠᠪᠬᠤ ᠪᠠ ᠬᠠᠳᠠᠭᠠᠯᠠᠬᠤ᠂ ᠢᠳᠡᠭᠡᠨ | ᠡᠳ᠋ᠰᠢᠭᠦᠯᠬᠦ ᠪᠠ ᠥᠯᠢᠭᠡᠷ ᠦᠯᠡᠳᠡᠭᠡᠬᠦ᠂ ᠢᠳᠡᠭᠡᠨ ᠤᠮᠳᠠᠭᠠᠨ ᠤ ᠬᠡᠷᠡᠭᠰᠡᠯ ᠢ ᠤᠬᠢᠶᠠᠵᠤ ᠠᠷᠢᠯᠭᠠᠬᠤ ᠵᠡᠷᠭᠡ ᠲᠠᠯ᠎ᠠ ᠳᠤ | ᠭᠤᠤᠯᠳᠠᠯᠭ᠎ᠠ ᠲᠠᠢ ᠴᠢᠭᠯᠡᠭᠦᠯᠦᠨ ᠪᠠᠶᠢᠴᠠᠭᠠᠨ ᠰᠢᠯᠭᠠᠵᠤ᠂ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢᠨ | ᠳᠠᠯᠳᠠ ᠬᠡᠮ ᠢ ᠴᠢᠩᠭ᠎ᠠ ᠰᠡᠷᠭᠡᠶᠢᠯᠡᠨ ᠬᠠᠮᠢᠶᠠᠷᠴᠤ ᠴᠢᠩᠭ᠎ᠠ ᠡᠵᠡᠮᠳᠡᠪᠡ᠃ ᠵᠢᠭᠰᠠᠭᠠᠨ ᠪᠠᠶᠢᠴᠠᠭᠠᠬᠤ ᠶᠠᠪᠤᠴᠠ ᠳᠤ | ᠣᠯᠵᠤ ᠮᠡᠳᠡᠭᠰᠡᠨ ᠠᠰᠠᠭᠤᠳᠠᠯ ᠳᠤ ᠴᠢᠭᠯᠡᠭᠦᠯᠦᠨ᠂ ᠠᠰᠠᠭᠤᠳᠠᠯ ᠤᠨ ᠡᠬᠡ ᠲᠠᠩᠰᠠ ᠶᠢ ᠨᠢᠭᠡᠳᠦᠯᠲᠡᠶ ᠪᠠᠶᠢᠭᠤᠯᠵᠤ᠂ | ᠣᠷᠣᠰᠢᠵᠤ ᠪᠠᠶᠢᠭ᠎ᠠ ᠠᠰᠠᠭᠤᠳᠠᠯ ᠪᠠ ᠪᠠᠭᠤᠷᠠᠶ ᠭᠤᠭᠴᠤᠭ᠎ᠠ ᠶᠢ ᠭᠦᠨᠵᠡᠭᠡᠶ ᠡᠷᠢᠵᠦ᠂ ᠣᠷᠣᠰᠢᠵᠤ ᠪᠠᠶᠢᠭ᠎ᠠ | ᠠᠰᠠᠭᠤᠳᠠᠯ ᠢ ᠲᠤᠬᠠᠶ ᠶᠢᠨ ᠲᠠᠯᠠᠪᠤᠷ ᠲᠤᠨᠢ ᠬᠠᠷᠢᠭᠤ ᠲᠤᠰᠬᠠᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠰᠠᠨᠠᠯ | ᠳᠤᠷᠠᠳᠴᠤ᠂ ᠬᠠᠮᠢᠶ᠎ᠠ ᠪᠥᠬᠦᠶ ᠭᠤᠤᠯ ᠴᠣᠭᠴᠠ ᠶᠢᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ | ᠱᠠᠯᠠᠪᠳᠠᠭᠤᠯᠵᠤ᠂ ᠬᠠᠮᠢᠶᠠᠷᠤᠯᠲᠠ ᠶᠢᠨ ᠠᠯᠳᠠᠰᠢ ᠭᠠᠷᠬᠤ ᠶᠢ ᠬᠤᠷᠢᠭᠯᠠᠬᠤ ᠶᠢᠨ ᠬᠠᠮᠲᠤ ᠢᠳᠡᠭᠡᠨ ᠤ ᠠᠮᠤᠷ | ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠵᠦ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠤᠨ᠂ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠵᠦ᠂ ᠰᠤᠷᠤᠭᠴᠢᠳ ᠤᠨ | ᠬᠤᠭᠤᠯᠠ ᠢᠳᠡᠬᠦ ᠠᠮᠤᠷ ᠲᠦᠪᠰᠢᠨ ᠢ ᠪᠠᠲᠤᠯᠠᠪᠠ᠃ | ᠣᠳᠣᠬᠠᠨ ᠪᠣᠯᠲᠠᠯ᠎ᠠ᠂ ᠠᠤᠬᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠲᠡ 322 ᠬᠥᠮᠦᠨ ᠤᠳᠠᠭ᠎ᠠ ᠬᠥᠳᠡᠯᠭᠡᠵᠦ᠂ ᠳᠤᠮᠳᠠᠳᠤ ᠪᠠᠭ᠎ᠠ | ᠰᠤᠷᠭᠠᠭᠤᠯᠢ ᠶᠢᠨ ᠬᠤᠭᠤᠯᠠᠨ ᠭᠡᠷ ᠬᠢᠭᠡᠳ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ | ᠪᠠᠶᠢᠭᠤᠯᠤᠮᠵᠢ ᠶᠢ 189 ᠡᠷᠦᠬᠡ ᠤᠳᠠᠭ᠎ᠠ ᠪᠠᠶᠢᠴᠠᠭᠠᠪᠠ᠃ ᠲᠠᠷᠠᠭᠠᠴᠢ ᠶᠢᠨ ᠠᠯᠬᠤᠮ ᠳᠤ᠂ ᠠᠤᠬᠠᠨ ᠬᠤᠰᠢᠭᠤᠨ ᠤ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠯᠭᠠᠷᠠᠭᠤᠯᠤᠨ ᠴᠡᠭᠴᠡᠯᠡᠬᠦ ᠲᠤᠰᠬᠠᠶ ᠠᠵᠢᠯᠯᠠᠭ᠎ᠠ ᠶᠢ | ᠦᠷᠭᠦᠯᠵᠢᠯᠡᠨ ᠥᠷᠨᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠬᠤᠭᠤᠯᠠᠨ ᠬᠡᠷ ᠪᠠ ᠰᠤᠷᠭᠠᠭᠤᠯᠢ ᠶᠢᠨ | ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠢᠳᠡᠭᠡᠨ ᠤ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠠᠶᠢᠭᠤᠯᠤᠨ᠂ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ | ᠢᠳᠡᠭᠡᠨ ᠤ ᠡᠳᠦᠷ ᠲᠤᠲᠤᠮ ᠤᠨ ᠰᠤᠭᠤᠴᠢᠨ ᠪᠠᠶᠢᠴᠠᠭᠠᠬᠤ ᠪᠠ ᠭᠤᠤᠯᠳᠠᠯᠭ᠎ᠠ ᠲᠠᠢ ᠰᠤᠭᠤᠴᠢᠨ ᠪᠠᠶᠢᠴᠠᠭᠠᠬᠤ | ᠠᠵᠢᠯ ᠢ ᠪᠠᠶᠢᠩᠭᠤᠵᠢᠭᠤᠯᠤᠨ ᠨᠠᠶᠢᠳᠠᠪᠤᠷᠢᠵᠢᠭᠤᠯᠵᠤ᠂ ᠥᠷᠭᠡᠨ ᠣᠯᠠᠨ ᠪᠠᠭᠰᠢ ᠰᠤᠷᠤᠭᠴᠢᠳ ᠤᠨ ᠢᠳᠡᠭᠡᠨ | ᠤᠮᠳᠠᠭᠠᠨ ᠤ ᠠᠮᠤᠷ ᠲᠦᠪᠰᠢᠨ ᠢ ᠰᠠᠬᠢᠨ ᠬᠠᠮᠠᠭᠠᠯᠠᠨ᠎ᠠ᠃ |