ᠠᠤᠬᠠᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠵᠤ ᠦᠢᠯᠡᠳᠪᠦᠷᠢ ᠠᠷᠠᠯᠵᠢᠶᠠᠨ ᠤ ᠠᠵᠢᠯ ᠲᠥᠷᠥᠯ ᠤᠨ ᠭᠤᠤᠯᠳᠠᠯᠭ᠎ᠠ ᠲᠠᠢ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠢ ᠬᠠᠪᠰᠤᠷᠤᠨ ᠲᠡᠳᠬᠦᠵᠦ ᠵᠢᠯᠣᠭᠤᠳᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/11/4
    ᠠᠶᠤᠯᠭᠦᠶ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠠᠵᠤ ᠦᠢᠯᠡᠳᠪᠦᠷᠢ ᠠᠷᠠᠯᠵᠢᠶᠠᠨ ᠤ ᠠᠵᠢᠯ ᠲᠥᠷᠥᠯ ᠤᠨ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠴᠢᠩᠭᠠᠳᠬᠠᠵᠤ᠂ ᠠᠵᠤ ᠠᠬᠤᠶᠢᠯᠠᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ ᠠᠣᠬᠠᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠣᠶᠢᠷ᠎ᠠ ᠳᠤ ᠲᠤᠰᠬᠠᠶ ᠮᠡᠷᠭᠡᠵᠢᠯᠲᠡᠨ ᠤᠷᠢᠵᠤ ᠠᠵᠤ ᠦᠢᠯᠡᠳᠪᠦᠷᠢ ᠠᠷᠠᠯᠵᠢᠶᠠᠨ ᠤ ᠠᠵᠢᠯ ᠲᠥᠷᠥᠯ ᠤᠨ ᠭᠤᠤᠯᠳᠠᠯᠭ᠎ᠠ ᠲᠠᠢ ᠠᠵᠤ ᠠᠬᠤᠶᠢᠯᠠᠯ ᠳᠤ ᠠᠶᠤᠯᠭᠦᠶ ᠦᠢᠯᠡᠳᠪᠦᠷᠢᠯᠡᠯ ᠢ ᠬᠠᠪᠰᠤᠷᠤᠨ ᠲᠡᠳᠬᠦᠬᠦ ᠵᠢᠯᠣᠭᠤᠳᠬᠤ ᠠᠵᠢᠯ ᠥᠷᠨᠢᠭᠦᠯᠪᠡ᠃    ᠲᠣᠰ ᠤᠳᠠᠭᠠᠨ ᠤ ᠬᠠᠪᠰᠤᠷᠤᠨ ᠲᠡᠳᠬᠦᠬᠦ ᠵᠢᠯᠣᠭᠤᠳᠤᠯᠭ᠎ᠠ ᠳᠤ ᠮᠠᠲ᠋ᠧᠷᠢᠶᠠᠯ ᠢ ᠪᠠᠶᠢᠴᠠᠭᠠᠨ ᠦᠵᠡᠬᠦ᠂ ᠲᠤᠬᠠᠶ ᠶᠢᠨ ᠲᠠᠯᠠᠪᠤᠷ ᠲᠤ ᠪᠠᠶᠢᠴᠠᠭᠠᠬᠤ᠂ ᠯᠠᠪᠯᠠᠨ ᠠᠰᠠᠭᠤᠵᠤ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠨᠢ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠲᠠᠩᠰᠠ ᠡᠪᠬᠡᠮᠡᠯ ᠤᠨ ᠪᠠᠶᠢᠭᠤᠯᠤᠯᠲᠠ᠂ ᠠᠮᠤᠷ ᠲᠦᠪᠰᠢᠨ ᠤ ᠲᠥᠬᠦᠭᠡᠷᠦᠮᠵᠢ ᠶᠢᠨ ᠠᠵᠢᠯᠯᠠᠭᠠᠨ᠂ ᠠᠵᠢᠯ ᠤᠨ ᠲᠤᠬᠠᠶ ᠶᠢᠨ ᠲᠠᠯᠠᠪᠠᠶ ᠶᠢᠨ ᠠᠮᠤᠷ ᠲᠦᠪᠰᠢᠨ ᠤ ᠬᠠᠮᠢᠶᠠᠷᠤᠯᠲᠠ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠵᠡᠷᠭᠡ ᠲᠠᠯ᠎ᠠ ᠪᠠᠷ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ ᠠᠵᠤ ᠠᠬᠤᠶᠢᠯᠠᠯ ᠤᠨ ᠲᠦᠭᠰᠢᠭᠦᠷᠢ ᠶᠡᠬᠡᠲᠡᠶ ᠬᠡᠰᠡᠭ᠂ ᠭᠤᠭᠴᠤᠭ᠎ᠠ ᠳᠤ ᠪᠥᠬᠦ ᠲᠠᠯ᠎ᠠ ᠶᠢᠨ ᠭᠤᠤᠯᠳᠠᠯᠭ᠎ᠠ ᠲᠠᠢ ᠪᠠᠶᠢᠴᠠᠭᠠᠯᠲᠠ ᠬᠢᠪᠠ᠃    ᠠᠵᠢᠯ ᠤᠨ ᠶᠠᠪᠤᠴᠠ ᠳᠤ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠠᠵᠤ ᠠᠬᠤᠶᠢᠯᠠᠯ ᠳᠤ ᠬᠠᠤᠯᠢ ᠴᠠᠭᠠᠵᠠ ᠬᠠᠤᠯᠢ ᠲᠣᠭᠲᠠᠭᠠᠯ᠂ ᠰᠠᠯᠠᠭ᠎ᠠ ᠮᠥᠴᠢᠷ ᠤᠨ ᠲᠦᠷᠢᠮ ᠲᠣᠭᠲᠠᠭᠠᠯ ᠤᠨ ᠵᠥᠪᠯᠡᠯᠭᠡ ᠥᠭᠬᠦ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨ ᠬᠠᠤᠯᠢ ᠲᠣᠭᠲᠠᠭᠠᠯ ᠶᠣᠰᠣᠭᠠᠷ ᠠᠮᠤᠷ ᠲᠦᠪᠰᠢᠨ ᠤ ᠬᠠᠮᠢᠶᠠᠷᠤᠯᠲᠠ ᠪᠠᠨ ᠴᠢᠩᠭᠠᠳᠬᠠᠪᠠ᠃ ᠠᠵᠤ ᠠᠬᠤᠶᠢᠯᠠᠯ ᠤᠨ ᠠᠵᠢᠯ ᠤᠨ ᠲᠤᠬᠠᠶ ᠶᠢᠨ ᠲᠠᠯᠠᠪᠠᠶ ᠶᠢᠨ ᠬᠠᠮᠢᠶᠠᠷᠤᠯᠲᠠ ᠶᠢᠨ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠠᠵᠤ ᠠᠬᠤᠶᠢᠯᠠᠯ ᠳᠤ ᠬᠠᠮᠢᠶ᠎ᠠ ᠪᠥᠬᠦᠶ ᠪᠠᠷᠢᠮᠵᠢᠶ᠎ᠠ ᠵᠢᠷᠤᠮᠵᠢᠯ ᠤᠨ ᠲᠠᠶᠢᠯᠤᠮᠵᠢ ᠵᠢᠴᠢ ᠠᠰᠠᠭᠤᠳᠠᠯ ᠤᠨ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ ᠲᠠᠯ᠎ᠠ ᠪᠠᠷ ᠬᠢ ᠮᠡᠷᠭᠡᠵᠢᠯ ᠤᠨ ᠵᠥᠪᠯᠡᠯᠭᠡ ᠥᠭᠬᠦ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠢ ᠬᠠᠪᠰᠤᠷᠤᠨ ᠠᠰᠠᠭᠤᠳᠠᠯ ᠤᠨ ᠰᠢᠯᠲᠠᠭᠠᠨ ᠢ ᠭᠦᠨᠵᠡᠭᠡᠶ ᠵᠠᠳᠠᠯᠵᠤ᠂ ᠠᠰᠠᠭᠤᠳᠠᠯ ᠤᠨ ᠨᠠᠷᠢᠨ ᠲᠠᠩᠰᠠ ᠶᠢ ᠲᠣᠭᠲᠠᠭᠠᠨ᠂ ᠴᠡᠭᠴᠡᠯᠡᠨ ᠰᠠᠶᠢᠵᠢᠷᠠᠭᠤᠯᠬᠤ ᠲᠥᠰᠦᠯ ᠢ ᠰᠤᠳᠤᠯᠵᠤ᠂ ᠠᠵᠤ ᠠᠬᠤᠶᠢᠯᠠᠯ ᠤᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ᠂ ᠠᠮᠤᠷ ᠲᠦᠪᠰᠢᠨ ᠤ ᠵᠠᠰᠠᠯᠲᠠ ᠶᠢᠨ ᠴᠢᠳᠠᠪᠤᠷᠢ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠶᠢ ᠰᠡᠷᠭᠡᠶᠢᠯᠡᠬᠦ ᠳᠤ ᠬᠦᠴᠦᠲᠡᠶ ᠪᠠᠲᠤᠯᠠᠭ᠎ᠠ ᠬᠠᠩᠭᠠᠪᠠ᠃    ᠲᠠᠷᠠᠭᠠᠴᠢ ᠶᠢᠨ ᠠᠯᠬᠤᠮ ᠳᠤ᠂ ᠠᠣᠬᠠᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠲᠣᠰ ᠤᠳᠠᠭᠠᠨ ᠤ ᠬᠠᠪᠰᠤᠷᠤᠨ ᠲᠡᠳᠬᠦᠵᠦ ᠵᠢᠯᠣᠭᠤᠳᠬᠤ ᠠᠵᠢᠯ ᠤᠨ ᠲᠤᠷᠰᠢᠯᠭ᠎ᠠ ᠶᠢ ᠨᠠᠷᠢᠨ ᠬᠢᠨᠠᠮᠠᠭᠠᠶ ᠳ᠋ᠦᠩᠨᠡᠵᠦ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠥᠬᠡᠶ ᠲᠠᠯ᠎ᠠ ᠶᠢ ᠵᠠᠳᠠᠯᠵᠤ᠂ ᠠᠵᠢᠯ ᠤᠨ ᠠᠷᠭ᠎ᠠ ᠬᠢᠳᠡᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠬᠠᠨᠳᠤᠯᠭᠠᠲᠤ ᠴᠢᠨᠠᠷ ᠢᠶᠠᠷ ᠴᠢᠩᠭ᠎ᠠ᠂ ᠬᠡᠷᠡᠭᠯᠡᠭᠡᠨ ᠤ ᠴᠢᠨᠠᠷ ᠢᠶᠠᠷ ᠥᠨᠳᠥᠷ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠠᠪᠴᠤ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ ᠠᠶᠤᠯᠭᠦᠶ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号