| ᠬᠥᠳᠡᠭᠡ ᠲᠣᠰᠬᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠬᠤ ᠪᠠ ᠲᠠᠷᠢᠶᠠᠴᠢᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ | ᠬᠠᠨᠤᠮᠵᠢ ᠶᠢᠨ ᠬᠡᠮᠵᠢᠶ᠎ᠡ ᠶᠢ ᠨᠡᠮᠡᠭᠳᠡᠭᠦᠯᠬᠦ ᠶᠢᠨ ᠲᠥᠯᠥᠭᠡ᠂ ᠣᠶᠢᠷ᠎ᠠ ᠳᠤ᠂ ᠠᠤᠬᠠᠨ ᠬᠤᠰᠢᠭᠤ ᠠᠮᠢ ᠠᠬᠤᠶ ᠶᠢᠨ | ᠣᠷᠴᠢᠨ ᠲᠣᠭᠤᠷᠢᠨ᠂ ᠲᠠᠷᠢᠶᠠᠯᠠᠩ ᠮᠠᠯ ᠠᠵᠤ ᠠᠬᠤᠶ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ᠂ ᠬᠤᠲᠠ ᠶᠢᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ 2 ᠬᠠᠮᠲᠤᠷᠠᠭᠰᠠᠨ | ᠠᠵᠢᠯ ᠤᠨ ᠲᠤᠰᠬᠠᠶ ᠠᠩᠭᠢ ᠪᠠᠶᠢᠭᠤᠯᠵᠤ᠂ 2024 ᠣᠨ ᠤ ᠬᠥᠳᠡᠭᠡ ᠲᠣᠰᠬᠤᠨ ᠤ ᠣᠷᠴᠢᠨ ᠲᠣᠭᠤᠷᠢᠨ ᠢ | ᠴᠡᠭᠴᠡᠯᠡᠨ ᠵᠠᠰᠠᠵᠤ ᠪᠠᠶᠢᠴᠠᠭᠠᠨ ᠰᠤᠳᠤᠯᠬᠤ ᠪᠠ ᠦᠷ᠎ᠡ ᠪᠦᠲᠦᠮᠵᠢ ᠶᠢ ᠦᠨᠡᠯᠡᠨ ᠵᠢᠱᠢᠬᠦ ᠠᠵᠢᠯ ᠢ ᠥᠷᠨᠢᠭᠦᠯᠵᠦ᠂ | ᠪᠥᠬᠦ ᠬᠤᠰᠢᠭᠤᠨ ᠤ 14 ᠵᠠᠰᠠᠭ ᠵᠠᠬᠢᠷᠭᠠᠨ ᠤ ᠲᠣᠰᠬᠤᠨ᠂ 2 ᠪᠣᠬᠢᠷ ᠤᠰᠤ ᠶᠢ ᠰᠢᠢᠳᠪᠦᠷᠢᠯᠡᠬᠦ ᠲᠥᠬᠦᠭᠡᠷᠦᠮᠵᠢ ᠶᠢ | ᠪᠠᠶᠢᠩᠭᠤᠵᠢᠭᠤᠯᠤᠨ ᠪᠠᠶᠢᠴᠠᠭᠠᠨ ᠵᠢᠭᠰᠠᠭᠠᠬᠤ ᠠᠵᠢᠯ ᠢ ᠥᠷᠨᠢᠭᠦᠯᠵᠦ᠂ ᠲᠣᠰ ᠵᠢᠯ ᠤᠨ ᠬᠥᠳᠡᠭᠡ ᠲᠣᠰᠬᠤᠨ ᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠪᠡᠶᠡᠯᠡᠭᠦᠯᠦᠭᠰᠡᠨ ᠪᠠᠶᠢᠳᠠᠯ᠂ ᠬᠥᠳᠡᠭᠡ ᠲᠣᠰᠬᠤᠨ ᠤ | ᠠᠮᠢᠳᠤᠷᠠᠯ ᠤᠨ ᠪᠣᠬᠢᠷ ᠤᠰᠤ ᠶᠢ ᠵᠠᠰᠠᠭᠰᠠᠨ ᠵᠠᠰᠠᠭ ᠵᠠᠬᠢᠷᠭᠠᠨ ᠤ ᠲᠣᠰᠬᠤᠨ ᠤ ᠵᠠᠰᠠᠯᠲᠠ ᠶᠢᠨ ᠦᠷ᠎ᠡ ᠪᠦᠲᠦᠮᠵᠢ ᠪᠠ | ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠲᠥᠬᠦᠭᠡᠷᠦᠮᠵᠢ ᠶᠢᠨ ᠲᠡᠭᠡᠭᠡᠪᠦᠷᠢ ᠶᠢᠨ | ᠪᠠᠶᠢᠳᠠᠯ ᠢ ᠭᠤᠤᠯᠳᠠᠯᠭ᠎ᠠ ᠲᠠᠢ ᠣᠶᠢᠯᠠᠭᠠᠪᠠ᠃ | ᠡᠯ᠎ᠡ ᠪᠠᠶᠢᠴᠠᠭᠠᠬᠤ ᠳᠤᠭᠤᠶᠢᠯᠠᠩ ᠤᠨ ᠬᠢᠨ ᠬᠥᠳᠡᠭᠡ ᠲᠣᠰᠬᠤᠨ ᠤ ᠣᠷᠴᠢᠨ ᠲᠣᠭᠤᠷᠢᠨ ᠢ ᠶᠡᠷᠦᠩᠬᠡᠶᠢᠯᠡᠨ | ᠴᠡᠭᠴᠡᠯᠡᠨ ᠵᠠᠰᠠᠭᠰᠠᠨ ᠪᠠᠶᠢᠳᠠᠯ ᠢ ᠨᠠᠷᠢᠨ ᠬᠢᠨᠠᠮᠠᠭᠠᠶ ᠪᠠᠶᠢᠴᠠᠭᠠᠨ ᠦᠵᠡᠵᠦ᠂ ᠲᠣᠰᠬᠤᠨ ᠤ ᠠᠷᠠᠳ ᠤᠨ ᠬᠥᠳᠡᠭᠡ | ᠲᠣᠰᠬᠤᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠭᠰᠠᠨ ᠦᠷ᠎ᠡ ᠪᠦᠲᠦᠮᠵᠢ ᠶᠢᠨ ᠬᠠᠨᠤᠮᠵᠢ ᠶᠢᠨ | ᠬᠡᠮᠵᠢᠶ᠎ᠡ ᠶᠢ ᠯᠠᠪᠯᠠᠨ ᠠᠰᠠᠭᠤᠵᠤ᠂ ᠠᠶᠢᠯ ᠲᠣᠰᠬᠤᠨ ᠳᠤ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ | ᠳᠤᠷ᠎ᠠ ᠪᠠᠷ ᠢᠶᠠᠨ ᠣᠪᠣᠭᠠᠯᠠᠵᠤ ᠲᠠᠯᠪᠢᠭᠰᠠᠨ ᠡᠰᠡᠬᠦ᠂ ᠠᠮᠢᠳᠤᠷᠠᠯ ᠤᠨ ᠪᠣᠬᠢᠷ ᠤᠰᠤ ᠶᠢ ᠳᠤᠷ᠎ᠠ ᠪᠠᠷ ᠢᠶᠠᠨ | ᠭᠠᠳᠠᠭᠰᠢᠯᠠᠭᠤᠯᠤᠭᠰᠠᠨ ᠡᠰᠡᠬᠦ ᠵᠢᠴᠢ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠳᠤᠷ᠎ᠠ ᠪᠠᠷ ᠢᠶᠠᠨ ᠣᠪᠣᠭᠠᠯᠠᠵᠤ | ᠲᠠᠯᠪᠢᠭᠰᠠᠨ ᠡᠰᠡᠬᠦ ᠵᠡᠷᠭᠡ ᠲᠣᠰᠬᠤᠨ ᠤ ᠣᠷᠴᠢᠨ ᠲᠣᠭᠤᠷᠢᠨ ᠢ ᠨᠥᠯᠥᠭᠡᠯᠡᠵᠦ ᠪᠠᠶᠢᠭ᠎ᠠ ᠪᠠᠶᠢᠳᠠᠯ ᠢ | ᠭᠤᠤᠯᠳᠠᠯᠭ᠎ᠠ ᠲᠠᠢ ᠪᠠᠶᠢᠴᠠᠭᠠᠨ ᠦᠵᠡᠵᠦ᠂ ᠭᠡᠷ ᠤᠨ ᠡᠮᠦᠨ᠎ᠡ ᠠᠷᠤ ᠵᠢᠴᠢ ᠲᠣᠰᠬᠤᠨ ᠤ ᠡᠷᠬᠢᠨ ᠲᠣᠭᠤᠷᠢᠨ ᠳᠤ | ᠬᠥᠳᠡᠭᠡ ᠲᠣᠰᠬᠤᠨ ᠤ ᠪᠣᠬᠢᠷ ᠦᠮᠡᠬᠡᠶ ᠤᠰᠤᠨ ᠴᠣᠭᠴᠠ ᠪᠠᠶᠢᠬᠤ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠨ | ᠦᠵᠡᠪᠡ᠃ | ᠳᠠᠷᠠᠭᠠᠴᠢ ᠶᠢᠨ ᠠᠯᠬᠤᠮ ᠳᠤ᠂ ᠠᠤᠬᠠᠨ ᠬᠤᠰᠢᠭᠤᠨ ᠤ ᠬᠤᠪᠢᠶᠠᠷᠢ ᠲᠣᠪᠴᠢᠶ᠎ᠠ ᠬᠠᠮᠢᠶ᠎ᠠ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠨ ᠬᠥᠳᠡᠭᠡ ᠲᠣᠰᠬᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠦᠷ᠎ᠡ | ᠪᠦᠲᠦᠮᠵᠢ ᠶᠢ ᠪᠠᠶᠢᠩᠭᠤᠵᠢᠭᠤᠯᠤᠨ ᠪᠠᠶᠢᠴᠠᠭᠠᠨ ᠰᠤᠳᠤᠯᠬᠤ ᠠᠵᠢᠯ ᠢ ᠦᠷᠭᠦᠯᠵᠢᠯᠡᠨ ᠥᠷᠨᠢᠭᠦᠯᠵᠦ᠂ | ᠭᠤᠣᠯᠳᠠᠯᠭ᠎ᠠ ᠲᠠᠢ ᠲᠣᠰᠬᠤᠨ ᠵᠢᠴᠢ ᠭᠤᠣᠯᠳᠠᠯᠭ᠎ᠠ ᠲᠠᠢ ᠲᠥᠬᠦᠭᠡᠷᠦᠮᠵᠢ ᠶᠢ ᠴᠢᠩᠭ᠎ᠠ ᠠᠩᠬᠠᠷᠴᠤ᠂ ᠤᠯᠠᠨ ᠰᠠᠯᠠᠭ᠎ᠠ | ᠮᠥᠴᠢᠷ ᠬᠠᠮᠲᠤᠷᠠᠯᠴᠠᠵᠤ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠲᠣᠭᠤᠷᠢᠨ ᠪᠠᠶᠢᠴᠠᠭᠠᠵᠤ | ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠬᠥᠳᠡᠭᠡ ᠲᠣᠰᠬᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ | ᠠᠵᠢᠯ ᠤᠨ ᠦᠷ᠎ᠡ ᠪᠦᠲᠦᠮᠵᠢ ᠤᠯᠬᠤ ᠶᠢ ᠪᠠᠲᠤᠯᠠᠨ᠎ᠠ᠃ |