ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠨ ᠳᠥᠷᠪᠡᠳᠦᠭᠡᠷ ᠤᠳᠠᠭᠠᠨ ᠤ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2024/11/4
           10 ᠰᠠᠷ᠎ᠠ ᠶᠢᠨ 31 ᠤ ᠡᠳᠦᠷ᠂ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠨ ᠳᠥᠷᠪᠡᠳᠦᠭᠡᠷ ᠤᠳᠠᠭᠠᠨ ᠤ ᠬᠤᠷᠠᠯ ᠡᠷᠭᠢᠯᠡᠪᠡ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠧ ᠰᠢᠤ ᠯᠢ᠂ ᠳᠡᠳ᠋ ᠡᠷᠬᠢᠯᠡᠭᠴᠢ ᠯᠢ ᠮᠢᠩ ᠢᠦᠶ᠂ ᠹᠧᠩ ᠶᠦᠨ ᠾᠦᠢ᠂ ᠵᠣᠣ ᠴᠠᠩ ᠱᠠᠨ ᠵᠢᠴᠢ ᠭᠡᠰᠢᠭᠦᠨ ᠨᠡᠶᠢᠲᠡ 25 ᠬᠦᠮᠦᠰ ᠬᠤᠷᠠᠯ ᠳᠤ ᠣᠷᠣᠯᠴᠠᠵᠠᠶ᠃ ᠹᠧᠩ ᠶᠦᠨ ᠾᠦᠢ ᠬᠤᠷᠠᠯ ᠢ ᠡᠷᠬᠢᠯᠡᠪᠡ᠃
C:\Users\Administrator\Desktop\1_副本.jpg
    ᠬᠤᠷᠠᠯ ᠠᠴᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2024 ᠣᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠶ ᠮᠡᠳᠡᠭᠦᠯᠦᠯᠲᠡ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠲᠤᠬᠠᠶ ᠮᠡᠳᠡᠭᠦᠯᠦᠯᠲᠡ᠂ ︽ᠠᠤᠬᠠᠨ ᠬᠤᠰᠢᠭᠤᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠪᠠᠶᠢᠳᠠᠯ ᠤᠨ ᠮᠡᠳᠡᠭᠦᠯᠦᠯᠲᠡ ᠶᠢ ᠬᠢᠨᠠᠨ ᠵᠥᠪᠯᠡᠬᠦ ᠰᠠᠨᠠᠯ︾ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠮᠡᠳᠡᠭᠦᠯᠦᠯᠲᠡ᠂ ᠬᠤᠲᠠ ᠬᠥᠳᠡᠭᠡ ᠶᠢᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠪᠡ᠃ ᠣᠨᠴᠠ ᠵᠠᠷᠢᠮ ᠲᠥᠯᠥᠭᠡᠯᠡᠭᠴᠢ ᠶᠢᠨ ᠲᠤᠰᠢᠶᠠᠯ ᠠᠴᠠ ᠪᠠᠨ ᠪᠠᠭᠤᠬᠤ ᠤᠴᠢᠷ ᠶᠠᠪᠤᠳᠠᠯ ᠪᠠ ᠠᠵᠢᠯᠳᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠲᠥᠰᠦᠯ ᠢ ᠪᠠᠲᠤᠯᠠᠭᠰᠠᠨ ᠪᠥᠭᠡᠳ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠵᠠᠢ᠃
C:\Users\Administrator\Desktop\2_副本.jpg
    ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠵᠠᠩ ᠴᠢ ᠬᠠᠩ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢᠨ ᠳᠠᠷᠤᠭ᠎ᠠ ᠯᠢᠦ ᠳ᠋ᠡ ᠶᠦᠩ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠳᠠᠷᠤᠭ᠎ᠠ ᠸᠠᠩ ᠯᠸᠢ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ᠂ ᠬᠤᠰᠢᠭᠤᠨ ᠤ ᠬᠢᠨᠠᠨ ᠪᠠᠶᠢᠴᠠᠭᠠᠬᠤ ᠵᠥᠪᠯᠡᠯ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠂ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠦᠷᠢᠯᠳᠦᠬᠦᠨ ᠪᠤᠰᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠮᠢᠶ᠎ᠠ ᠪᠥᠬᠦᠶ ᠵᠥᠪᠯᠡᠯ ᠲᠠᠰᠤᠭ ᠤᠨ ᠳᠡᠳ᠋ ᠡᠷᠬᠢᠯᠡᠭᠴᠢ᠂ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠡᠷᠬᠢᠯᠡᠭᠴᠢ ᠬᠤᠷᠠᠯ ᠳᠤ ᠰᠤᠯᠠ ᠣᠷᠣᠯᠴᠠᠵᠠᠶ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号